ᠶᠠᠩ ᠶᠦᠩ ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠢ ᠯᠠᠩ ᠣᠶ ᠶᠢᠨ ᠢᠷᠭᠡᠳ ᠤᠨ ᠵᠠᠩ ᠢᠷᠭᠡᠨᠰᠢᠯ ᠤᠨ ᠵᠢᠵᠢᠭ ᠪᠠᠯᠭᠠᠰᠤᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠵᠤ ᠠᠬᠤᠶᠢᠯᠠᠯ ᠤᠨ ᠬᠢᠨ ᠦᠪᠡᠷ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠤᠳᠣᠬᠢ ᠪᠠᠶᠢᠳᠠᠯ ᠳᠠᠭᠠᠨ ᠰᠠᠭᠤᠷᠢᠯᠠᠨ᠂ ᠢᠷᠡᠭᠡᠳᠦᠢ ᠳᠤ ᠬᠠᠨᠳᠤᠵᠤ᠂ 4A ᠲᠡᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠲᠠᠢ ᠬᠠᠷᠭᠤᠭᠤᠯᠵᠤ᠂ ᠬᠤᠳᠠ ᠪᠠᠯᠭᠠᠰᠤᠨ ᠤ ᠦᠪᠡᠷᠮᠢᠴᠠ ᠣᠨᠴᠠᠯᠢᠭ ᠢ ᠦᠯᠡᠳᠡᠭᠡᠨ᠂ ᠶᠡᠷᠦᠩᠬᠡᠢ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠣᠯᠡᠮ ᠨᠢᠭᠡ ᠠᠯᠬᠤᠮ ᠰᠢᠯᠢᠳᠡᠭᠵᠢᠭᠦᠯᠵᠦ᠂ ᠵᠢᠵᠢᠭ ᠪᠠᠯᠭᠠᠰᠤᠨ ᠤ ᠣᠨᠴᠠᠯᠢᠭ ᠢ ᠠᠭᠤᠳᠠᠯᠵᠤ᠂ ᠵᠢᠵᠢᠭ ᠪᠠᠯᠭᠠᠰᠤᠨ ᠤ ᠦᠯᠢᠭᠡᠷ ᠢ ᠰᠠᠶᠢᠲᠤᠷ ᠶᠠᠷᠢᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠣᠯᠤᠨ ᠪᠠᠯᠭᠠᠰᠣ ᠣᠷᠣᠨ ᠤ ᠬᠥᠭᠵᠢᠯᠲᠡ ᠶᠢ ᠠᠬᠢᠭᠤᠯᠬᠤ ᠣᠶ ᠶᠢᠨ ᠢᠷᠭᠡᠳ ᠤᠨ ᠵᠠᠩ ᠢᠷᠭᠡᠨᠰᠢᠯ ᠤᠨ ᠵᠢᠱᠢᠶᠠᠴᠢ ᠵᠢᠭᠤᠯᠴᠢᠯᠠᠯ ᠤᠨ ᠵᠢᠵᠢᠭ ᠪᠠᠯᠭᠠᠰᠤ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠪᠠ ᠵᠦᠢᠯᠡᠰ ᠤᠨ ᠨᠠᠷᠢᠨ ᠲᠠᠩᠰᠠ ᠶᠢ ᠲᠣᠳᠣᠷᠬᠠᠶᠢᠯᠠᠵᠤ᠂ ᠪᠡᠯᠡ ᠮᠥᠩᠭᠦ ᠶᠢ ᠵᠦᠢ ᠵᠣᠬᠢᠰᠲᠠᠢ ᠬᠤᠪᠢᠶᠠᠷᠢᠯᠠᠨ ᠬᠡᠷᠡᠭᠯᠡᠵᠦ᠂ ᠬᠠᠭᠤᠴᠢᠨ ᠭᠡᠷ ᠪᠠᠶᠢᠰᠢᠩ ᠢ ᠥᠭᠡᠷᠡᠴᠢᠯᠡᠬᠦ᠂ ᠬᠤᠳᠠ ᠶᠢᠨ ᠶᠠᠪᠤᠳᠠᠯ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠳᠡᠭᠡᠭᠰᠢᠯᠡᠭᠦᠯᠬᠦ᠂ ᠭᠠᠵᠠᠷ ᠰᠢᠷᠣᠢ ᠶᠢᠨ ᠴᠢᠨᠠᠷᠲᠠᠢ ᠲᠦᠷᠦᠯ ᠲᠡᠮᠳᠡᠭᠳᠣ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠵᠡᠷᠭᠡ ᠭᠤᠣᠯ ᠠᠭᠤᠯᠭ᠎ᠠ ᠶᠢ ᠭᠦᠢᠴᠡᠳ ᠠᠰᠢᠬᠯᠠᠵᠣ᠂ ᠵᠠᠮ ᠬᠠᠷᠢᠯᠴᠠᠭᠠᠨ ᠤ ᠬᠤᠭᠤᠯᠠᠢ ᠲᠣᠣᠷ᠂ ᠰᠣᠶᠣᠯ ᠢ ᠣᠷᠣᠭᠤᠯᠣᠨ ᠠᠪᠴᠢᠷᠡᠬᠤ ᠵᠡᠷᠭᠡ ᠨᠠᠷᠢᠨ ᠵᠦᠢᠯᠡᠰ ᠤᠨ ᠵᠢᠷᠤᠭ ᠲᠥᠯᠥᠪᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢᠨ ᠲᠥᠰᠦᠯ ᠢ ᠨᠠᠷᠢᠯᠢᠬᠵᠢᠭᠤᠯᠤᠨ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠣ ᠴᠢᠬᠤᠯᠠᠴᠢᠯᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号