ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 20 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠡ᠃ ᠬᠤᠷᠡᠯ ᠲᠡᠭᠡᠷ᠎ᠡ᠂ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠬᠤ ᠶᠢᠨ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠤᠳᠤᠷᠢᠳᠤᠯᠭ᠎ᠠ ᠶᠠᠨ ᠮᠤᠤ ᠯᠢᠨ᠂ ᠲᠠᠢ ᠬᠠᠢ ᠹᠧᠩ᠂ ᠶᠠᠩ ᠴᠢᠶᠦ᠋ᠩ᠂ ᠦ᠋ ᠫᠸᠢ᠂ ᠪᠠᠢ ᠹᠧᠩ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠵᠣ ᠶᠠᠷᠢᠶ᠎ᠠ ᠲᠠᠯᠪᠢᠵᠠᠢ᠃    ᠬᠤᠷᠠᠯ ᠠᠴᠠ᠂ ᠬᠤᠳᠠ ᠶᠢᠨ ᠲᠠᠰ ᠤᠨ ᠤᠳᠤᠷᠢᠳᠤᠯᠭ᠎ᠠ ᠭᠦᠨᠵᠡᠭᠡᠢ ᠰᠤᠷᠤᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ  ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠠᠷ ᠭᠤᠣᠯᠳᠠᠯᠭ᠎ᠠ ᠪᠣᠯᠭᠠᠵᠤ᠂ ᠰᠢᠰᠲ᠋ᠧᠮ ᠲᠠᠢ ᠭᠦᠨᠵᠡᠭᠡᠢ ᠰᠤᠷᠤᠯᠴᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠨᠠᠷᠢᠯᠢᠭ ᠪᠠᠶᠢᠴᠠᠭᠠᠵᠤ ︽ᠬᠤᠶᠠᠷ ᠨᠠᠷᠢᠨ ᠲᠠᠩᠰᠠ︾ ᠲᠠᠢ ᠬᠠᠷᠢᠴᠠᠭᠤᠯᠤᠨ ᠥᠪᠡᠷ ᠪᠡᠶ᠎ᠡ ᠶᠢᠨ ᠪᠠᠶᠢᠴᠠᠭᠠᠯᠲᠠ ᠪᠠᠨ ᠥᠷᠨᠢᠭᠦᠯᠣᠨ᠂ ᠬᠥᠳᠡᠯᠦᠩᠭᠦᠶ ᠪᠠᠷ ᠠᠰᠠᠭᠤᠳᠡᠯ ᠢ ᠪᠠᠶᠢᠴᠠᠭᠠᠨ ᠢᠯᠡᠷᠡᠬᠦᠯᠵᠤ᠂ ᠰᠡᠷᠡᠮᠵᠢᠯᠡᠭᠦᠯᠬᠦ ᠬᠥᠮᠦᠵᠢᠯ ᠤᠨ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠦᠨ᠂ ᠬᠠᠮᠢᠶ᠎ᠠ ᠪᠥᠬᠦᠶ ᠬᠡᠷᠡᠭ ᠤᠨ ᠲᠤᠷᠰᠢᠯᠭ᠎ᠠ ᠰᠤᠷᠭᠠᠮᠵᠢ ᠶᠢ ᠰᠢᠩᠭᠡᠭᠡᠨ ᠠᠪᠬᠤ ᠬᠡᠷᠡᠭᠲᠡᠶ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠣᠨ᠂ ᠰᠤᠷᠲᠠᠯ ᠴᠢᠬᠡᠴᠢ ᠣᠪᠣᠷ ᠲᠥᠪ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠬᠤᠶᠠᠷ ᠶᠡᠭᠡ ᠶᠠᠪᠤᠳᠠᠯ᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠲᠠᠢ ᠬᠤᠯᠪᠣᠬᠳᠡᠬᠤ ᠪᠣᠳᠠᠲᠤ ᠶᠠᠪᠤᠳᠠᠯ ᠢ ᠪᠣᠳᠠᠲᠠᠢ ᠰᠠᠶᠢᠲᠤᠷ ᠬᠢᠵᠦ ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号