5 ᠰᠠᠷ᠎ᠠ ᠶᠢᠨ 19 ᠤ ᠡᠳᠦᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ | ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠷᠠᠰᠢᠶᠠᠨ ᠬᠤᠲᠠ ᠳᠤ | ᠶᠠᠪᠤᠭᠳᠠᠪᠠ᠃ ᠡᠨᠡ ᠨᠢ ᠤᠯᠤᠰ ᠤᠨ ᠠᠵᠦ ᠤᠶᠢᠯᠡᠰ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠥᠷᠦ ᠶᠢᠨ | ᠪᠣᠳᠣᠯᠭ᠎ᠠ ᠶᠢ ᠲᠤᠭᠤᠰᠢᠯᠠᠭᠤᠯᠵᠦ᠂ ᠷᠠᠰᠢᠶᠠᠨ ᠬᠤᠲᠠ ᠶᠢᠨ ᠤᠯᠤᠰ ᠤᠨ ᠲᠡᠰ ᠤᠨ ᠵᠢᠭᠤᠯᠴᠢᠯᠡᠯ ᠤᠨ ᠠᠮᠠᠷᠠᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠦᠨ᠎ᠠ᠃ | ᠣᠶᠢᠯᠠᠭᠠᠭᠰᠠᠨ ᠢᠶᠠᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠷᠭᠠᠭᠤᠯᠢ ᠡᠷᠭᠢᠯᠡᠬᠦ ᠵᠠᠭᠪᠤᠷ ᠤᠨ | ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠢᠶᠠᠷ ᠤᠳᠤᠷᠢᠳᠤᠭᠤᠯᠤᠨ᠂ ᠳᠡᠭᠡᠳᠦ ᠰᠤᠷᠭᠠᠭᠤᠯᠢ ᠭᠤᠤᠯ ᠴᠣᠭᠴᠠ ᠪᠤᠯᠭᠠᠵᠦ | ᠂ ᠠᠵᠤ ᠠᠬᠤᠶᠢᠯᠠᠯ ᠣᠷᠣᠯᠴᠠᠭᠰᠠᠨ ᠬᠠᠮᠵᠢᠯᠴᠠᠭᠠᠨ ᠤ ᠲᠣᠭᠲᠠᠴᠠ ᠶᠢ ᠪᠣᠶ ᠪᠣᠯᠭᠠᠪᠠ᠃ ᠨᠡᠶᠢᠭᠡᠮ ᠤᠨ ᠬᠡᠷᠡᠭᠴᠡᠭᠡ | ᠱᠠᠭᠠᠷᠳᠠᠯᠭ᠎ᠠ ᠳᠤ ᠵᠣᠬᠢᠴᠠᠬᠤ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠬᠦ ᠪᠠᠷ ᠤᠳᠤᠷᠢᠳᠤᠮᠵᠢ | ᠪᠣᠯᠭᠠᠵᠤ᠂ ᠷᠠᠰᠢᠶᠠᠨ ᠤ ᠡᠯᠪᠡᠭ ᠪᠠᠶᠠᠯᠢᠭ ᠵᠢᠭᠤᠯᠴᠢᠯᠡᠯ ᠤᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠰᠤᠷᠭᠠᠨ | ᠬᠥᠮᠦᠵᠢᠯ ᠤᠨ ᠳᠤᠮᠳᠠᠬᠢ ᠦᠨ᠎ᠡ ᠦᠷᠳᠡᠭ ᠢ ᠭᠦᠢᠴᠡᠳ ᠠᠭᠤᠳᠠᠯᠵᠤ᠂ ᠠᠵᠤ ᠦᠢᠯᠡᠰ ᠰᠤᠷᠭᠠᠨ ᠬᠥᠮᠦᠵᠢᠯ ᠤᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠣᠯᠤᠨ ᠰᠣᠶᠣᠯ ᠵᠢᠭᠤᠯᠴᠢᠯᠡᠯ ᠤᠨ | ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠵᠣᠯᠭᠠᠭᠤᠯᠬᠤ ᠪᠤᠯᠦᠨ᠎ᠠ᠃ | ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠠᠰᠠᠭ ᠤᠨ ᠤᠷᠳᠤᠨ᠂ ᠰᠤᠷᠭᠠᠭᠤᠯᠢ᠂ | ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠦᠴᠦ ᠪᠠᠨ ᠬᠠᠮᠲᠤᠳᠬᠠᠨ ᠲᠣᠰ ᠬᠤᠪᠢᠶᠠᠷᠢ ᠰᠤᠷᠭᠠᠭᠤᠯᠢ ᠶᠢ ᠥᠪᠥᠷ | ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠵᠢᠭᠤᠯᠴᠢᠯᠡᠯ ᠤᠨ ᠠᠵᠤ ᠦᠢᠯᠡᠰ ᠤᠨ | ᠳᠡᠭᠡᠳᠦ ᠰᠤᠷᠭᠠᠭᠤᠯᠢ ᠪᠣᠯᠭᠠᠨ ᠪᠠᠶᠢᠭᠤᠯᠵᠤ᠂ ᠵᠢᠭᠤᠯᠴᠢᠯᠡᠯ ᠤᠨ ᠠᠵᠤ ᠦᠢᠯᠡᠰ ᠬᠢᠭᠡᠳ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢ ᠭᠦᠨᠵᠡᠭᠡᠶ ᠠᠭᠤᠰᠤᠯᠴᠠᠭᠤᠯᠵᠤ᠂ ᠰᠢᠨ᠎ᠡ ᠶᠢ ᠡᠭᠦᠳᠬᠦ ᠪᠠ ᠤᠶᠢᠯᠡᠳᠤᠯᠭᠡ ᠶᠢᠨ ᠴᠢᠳᠠᠪᠤᠷᠢ ᠲᠠᠢ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠦᠷᠭᠦᠯᠵᠢᠯᠡᠬᠦ᠋ᠴᠠ | ᠬᠥᠭᠵᠢᠯᠲᠡ ᠶᠢ ᠠᠬᠢᠭᠤᠯᠤᠨ᠎ᠠ︔ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠵᠢᠭᠤᠯᠴᠢᠯᠡᠯ ᠤᠨ | ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢᠶᠠᠷ ᠭᠤᠤᠯ ᠪᠣᠯᠭᠠᠬᠤ ᠶᠢᠨ ᠬᠠᠮᠲᠤ ᠣᠷᠣᠨ ᠨᠤᠲᠤᠭ ᠤᠨ ᠠᠵᠤ ᠠᠬᠤᠶ ᠶᠢᠨ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠲᠤᠰᠬᠠᠶ ᠮᠡᠷᠭᠡᠵᠢᠯ ᠢ ᠴᠠᠭ ᠲᠤᠨᠢ ᠲᠣᠬᠢᠷᠠᠭᠤᠯᠤᠨ | ᠨᠡᠮᠡᠨ ᠪᠠᠶᠢᠭᠤᠯᠬᠤ ᠪᠦᠭᠡᠳ ᠳᠡᠭᠡᠳᠦ ᠰᠤᠷᠭᠠᠭᠤᠯᠢ ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠤᠶᠢᠯᠡᠳᠤᠯᠭᠡ ᠶᠢᠨ | ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠭᠦᠢᠴᠡᠳ ᠠᠰᠢᠭᠯᠠᠨ᠂ ᠰᠣᠶᠣᠯ ᠵᠢᠭᠤᠯᠴᠢᠯᠡᠯ ᠤᠨ ᠠᠵᠤ ᠤᠶᠢᠯᠡᠰ ᠤᠨ | ᠠᠵᠤ ᠠᠬᠤᠶᠢᠯᠠᠯ ᠲᠠᠢ ᠨᠢᠭᠲᠠ ᠬᠠᠮᠲᠤᠷᠠᠯᠴᠠᠵᠤ᠂ ᠤᠶᠢᠯᠡᠳᠤᠯᠭᠡ ᠶᠢᠨ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠯᠠᠭ᠎ᠠ ᠶᠢ ᠬᠠᠮᠲᠤ ᠪᠠᠷ ᠦᠷᠨᠢᠭᠦᠯᠬᠦ ᠪᠤᠯᠦᠨ᠎ᠠ᠃ ᠡᠭᠦᠨ ᠠᠴᠠ ᠭᠠᠳᠠᠨ᠎ᠠ᠂ ᠴᠠᠶ ᠶᠢᠨ ᠤᠷᠠᠯᠢᠭ ᠤᠨ | ᠲᠠᠰᠤᠭ ᠵᠡᠷᠭᠡ ᠡᠬᠢ ᠪᠠᠶᠠᠯᠢᠭ ᠢ ᠠᠰᠢᠭᠯᠠᠨ ᠨᠡᠶᠢᠭᠡᠮ ᠤᠨ ᠪᠣᠯᠪᠠᠰᠤᠷᠠᠯ ᠥᠷᠨᠢᠭᠦᠯᠵᠦ᠂ ᠣᠷᠣᠨ ᠨᠤᠲᠤᠭ ᠤᠨ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠤᠯᠦᠨ᠎ᠠ᠃ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ | ᠰᠤᠷᠭᠠᠭᠤᠯᠢ ᠪᠠᠶᠢᠭᠤᠯᠤᠭᠳᠠᠭᠰᠠᠨ ᠨᠢ ᠷᠠᠰᠢᠶᠠᠨ ᠬᠤᠳᠠ ᠶᠢᠨ ᠵᠢᠭᠤᠯᠴᠢᠯᠡᠯ ᠤᠨ ᠦᠢᠯᠡᠰ ᠤᠨ ᠬᠥᠭᠵᠢᠯᠲᠡ ᠪᠣᠯᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠢᠬᠤᠯᠠ ᠪᠡᠯᠭᠡ ᠲᠡᠮᠳᠡᠭ ᠪᠤᠯᠵᠤ᠂ ᠣᠷᠣᠨ ᠨᠤᠲᠤᠭ ᠤᠨ | ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠵᠢᠭᠤᠯᠴᠢᠯᠡᠯ ᠤᠨ ᠬᠠᠮᠢᠶᠠᠷᠤᠯᠲᠠ ᠶᠢᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ ᠲᠠᠪᠴᠠᠩ ᠬᠠᠩᠭᠠᠬᠤ ᠪᠣᠯᠤᠨ᠎ᠠ᠃ | ︵ᠯᠢᠶᠠᠨ ᠪᠤᠤ︶ |