| ᠴᠤᠯᠮᠤᠨ | | ︽ᠬᠤᠷᠴᠠ ᠤᠯᠠᠭᠠᠨ ᠴᠡᠴᠡᠭ ᠰᠤᠨᠢᠷᠬᠠᠨ᠂ ᠰᠡᠷᠢᠬᠦᠨ ᠲᠠᠭᠠᠯᠠᠮᠵᠢᠳᠠᠢ ᠤᠷᠴᠢᠨ ᠢ ᠪᠡᠶᠡᠳᠠᠨ ᠤᠶᠢᠯᠠᠭᠠᠵᠤ᠂ ᠤᠢ | ᠰᠢᠭᠤᠢ ᠪᠠᠷ ᠵᠢᠭᠤᠯᠴᠢᠯᠠᠨ᠂ ᠮᠦᠰᠤ ᠴᠠᠰᠤᠨ ᠤ ᠦᠵᠡᠮᠵᠢ ᠶᠢ ᠲᠤᠭᠤᠷᠢᠨ ᠦᠵᠡᠬᠦ︾ ᠭᠡᠬᠦ ᠮᠡᠳᠤ ᠪᠠᠷ ᠤᠶᠢᠷ ᠠ ᠶᠢᠨ | ᠵᠢᠯ ᠠᠴᠠ ᠷᠠᠰᠢᠶᠠᠨ ᠬᠤᠳᠠ ᠲᠦᠷᠪᠡᠨ ᠤᠯᠠᠷᠢᠯ ᠤᠨ ᠵᠢᠭᠤᠯᠴᠢᠯᠠᠯ ᠢ ᠬᠦᠴᠤᠯᠡᠨ ᠬᠦᠭᠵᠢᠬᠦᠯᠵᠤ᠂ ᠠᠳᠠᠯᠢ ᠪᠤᠰᠤ | ᠤᠯᠠᠷᠢᠯ ᠤᠨ ᠤᠨᠴᠠᠯᠢᠭᠳᠤ ᠦᠵᠡᠮᠵᠢ ᠪᠠᠷ ᠢᠶᠠᠨ ᠬᠤᠯᠠ ᠤᠶᠢᠷ᠎ᠠ ᠶᠢᠨ ᠵᠢᠭᠤᠯᠴᠢᠯᠠᠭᠰᠠᠳ ᠢ ᠲᠠᠳᠠᠨ ᠠᠪᠴᠢᠷᠠᠨ᠎ᠠ᠃ | 4 ᠰᠠᠷ᠎ᠠ ᠶᠢᠨ 1 ᠤ ᠡᠳᠤᠷ ᠤᠨ 9 ᠴᠠᠭ 30 ᠮᠢᠨᠥ᠋ᠲ ᠲᠤ᠂ ᠪᠡᠭᠡᠵᠢᠩ ᠬᠤᠳᠠ ᠶᠢᠨ ᠵᠠᠭᠤ ᠭᠠᠷᠤᠢ ᠵᠢᠭᠤᠯᠴᠢᠯᠠᠭᠴᠢ | ᠷᠠᠰᠢᠶᠠᠨ ᠬᠤᠳᠠ ᠶᠢᠨ ᠵᠢᠭᠤᠯᠴᠢᠯᠠᠯ ᠢ ᠪᠡᠶᠡᠳᠠᠨ ᠤᠶᠢᠯᠠᠭᠠᠬᠤ ᠪᠠᠷ ᠢᠷᠡᠵᠤ᠂ ᠡᠨᠡ ᠨᠢ ᠪᠠᠰᠠ ᠪᠡᠭᠡᠵᠢᠩ ᠠᠴᠠ ᠷᠠᠰᠢᠶᠠᠨ ᠳᠤ | ᠬᠦᠷᠬᠦ ᠠᠭᠠᠷ ᠤᠨ ᠠᠶᠠᠯᠠᠯ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠵᠠᠢ᠃ 2024 ᠣᠨ ᠳᠤ᠂ ᠷᠠᠰᠢᠶᠡᠨ ᠬᠤᠳᠠ ᠳᠤ | ᠢᠷᠡᠭᠰᠡᠨ ᠵᠢᠭᠤᠯᠴᠢᠯᠠᠭᠰᠠᠳ ᠤᠨ ᠳᠤᠭ᠎ᠠ 576.6 ᠲᠦᠮᠡ ︵ᠬᠦᠮᠤᠨ ᠤᠳᠠᠭ᠎ᠠ︶ ᠳᠤ ᠬᠦᠷᠦᠭᠰᠡᠨ ᠰᠢᠨ᠎ᠠ ᠲᠡᠮᠳᠡᠭᠯᠡᠯ ᠢ | ᠡᠬᠦᠳᠴᠤ ᠦᠡᠭᠭᠡᠷᠡᠬᠰᠡᠨ ᠪᠢᠯᠡ᠃ ᠵᠢᠭᠤᠯᠴᠢᠯᠠᠯ ᠤᠨ ᠬᠠᠯᠠᠮᠰᠢᠯ ᠤᠷᠤᠨ ᠪᠤᠯᠤᠭᠰᠠᠨ ᠨᠢ ᠦᠵᠡᠰᠬᠦᠯᠡᠩᠳᠤ ᠰᠠᠶᠢᠬᠠᠨ ᠷᠢᠳᠢ | ᠰᠢᠳᠢᠳᠤ ᠦᠵᠡᠮᠵᠢ ᠲᠠᠢ ᠠᠴᠠ ᠭᠠᠳᠠᠨ᠎ᠠ ︽ᠠᠮᠢ ᠠᠬᠤᠢ ᠪᠠᠷ ᠬᠤᠳᠠ ᠪᠠᠨ ᠴᠤᠭᠴᠠᠯᠠᠨ᠂ ᠵᠢᠭᠤᠯᠴᠢᠯᠠᠯ ᠢᠶᠠᠷ ᠬᠤᠳᠠ ᠪᠠᠨ | ᠬᠦᠴᠤᠷᠬᠡᠭᠵᠢᠬᠦᠯᠬᠦ︾ ᠪᠠᠷ ᠬᠠᠷᠠᠯᠳᠠ ᠪᠠᠨ ᠪᠤᠯᠭᠠᠭᠰᠠᠨ ᠳᠤ ᠪᠤᠢ᠃ ᠤᠨᠴᠠᠯᠢᠭᠳᠤ ᠪᠠᠶᠢᠷᠢᠰᠢᠯ ᠤᠨ ᠲᠠᠪᠠᠭᠤᠯᠢᠭ ᠡᠬᠢ | ᠪᠠᠶᠠᠯᠢᠭ ᠲᠠᠭᠠᠨ ᠲᠦᠰᠢᠭᠯᠡᠨ᠂ 2024 — 2025 ᠤᠨ ᠤ ᠮᠦᠰᠤ ᠴᠠᠰᠤᠨ ᠤ ᠤᠯᠠᠷᠢᠯ ᠳᠤ ᠠᠷᠪᠠᠨ ᠶᠡᠭᠡ | ᠡᠪᠤᠯ ᠤᠨ ᠤᠯᠠᠷᠢᠯ ᠤᠨ ᠭᠤᠤᠯᠯᠠᠭᠴᠢ ᠵᠢᠭᠤᠯᠴᠢᠯᠠᠯ ᠤᠨ ᠦᠢᠯᠡᠳᠬᠦᠨ᠂ ᠲᠦᠷᠪᠡᠨ ᠵᠤᠷᠪᠤᠰ ᠭᠤᠤᠯ ᠰᠡᠳᠤᠪᠳᠤ | ᠵᠢᠭᠤᠯᠴᠢᠯᠠᠯ ᠤᠨ ᠱᠤᠭᠤᠮ ᠵᠢᠴᠢ ᠠᠷᠪᠠ ᠭᠠᠷᠤᠢ ᠲᠦᠷᠤᠯ ᠤᠨ ᠤᠷᠤᠯᠳᠤᠭᠠᠨ ᠢ ᠲᠤᠬᠢᠷᠠᠭᠤᠯᠵᠤ᠂ ᠡᠯ᠎ᠠ ᠭᠠᠵᠠᠷ ᠤᠨ | ᠵᠢᠭᠤᠯᠴᠢᠯᠠᠭᠰᠠᠳ ᠨᠠᠭᠠᠳᠤᠮ ᠤᠷᠤᠯᠳᠤᠭᠠᠨ ᠢ ᠰᠤᠨᠢᠷᠬᠠᠬᠤ᠂ ᠤᠶᠠᠩᠭᠠᠳᠤ ᠰᠠᠶᠢᠬᠠᠨ ᠲᠠᠭᠤᠥ ᠪᠦᠵᠢᠭ ᠰᠤᠨᠢᠷᠬᠠᠬᠤ᠂ | ᠮᠦᠰᠤ ᠴᠠᠰᠤ ᠰᠤᠨᠢᠷᠬᠠᠬᠤ᠂ ᠮᠦᠰᠤ ᠴᠠᠰᠤᠨ ᠳᠤ ᠨᠠᠭᠠᠳᠬᠤ᠂ ᠬᠠᠯᠠᠭᠤᠨ ᠷᠠᠰᠢᠶᠠᠨ ᠳᠤ ᠪᠡᠶ᠎ᠠ ᠪᠠᠨ ᠰᠤᠪᠢᠯᠠᠬᠤ ᠵᠡᠷᠭᠡ ᠪᠠᠷ | ᠷᠠᠰᠢᠶᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠢ ᠤᠯᠠᠮ ᠬᠦᠭᠵᠢᠶᠡᠨᠳᠠᠢ ᠪᠤᠯᠭᠠᠬᠰᠠᠨ ᠪᠠᠶᠢᠨ᠎ᠠ᠃ | ᠤᠷᠴᠢᠮ ᠤᠨ ᠬᠡᠳᠤᠨ ᠵᠢᠯ ᠳᠤ᠂ ᠷᠠᠰᠢᠶᠠᠨ ᠬᠤᠳᠠ ᠲᠤᠳᠠᠭᠤᠳᠠᠯ ᠢᠶᠠᠨ ᠨᠦᠬᠦᠪᠤᠷᠢᠯᠡᠬᠦ᠂ ᠠᠵᠤ ᠦᠢᠯᠡᠰ ᠢᠶᠠᠨ | ᠬᠦᠭᠵᠢᠭᠦᠯᠬᠦ᠂ ᠬᠡᠷᠡᠭᠯᠡᠭᠡ ᠶᠢ ᠠᠬᠢᠭᠤᠯᠬᠤ ᠲᠤᠭᠤᠷᠢᠨ ᠳᠤ ᠵᠢᠭᠤᠯᠴᠢᠯᠠᠯ ᠤᠨ ᠦᠢᠯᠡᠳᠬᠦᠨ ᠤ ᠰᠢᠰᠲᠤᠮ ᠢᠶᠠᠨ ᠲᠠᠰᠤᠷᠠᠯᠳᠠ | ᠦᠭᠡᠢ ᠪᠠᠶᠠᠯᠢᠭᠵᠢᠭᠤᠯᠪᠠ᠃ ᠦᠩᠭᠡᠷᠡᠭᠰᠡᠨ ᠵᠢᠯ ᠳᠤ᠂ ᠷᠠᠰᠢᠶᠠᠨ ᠬᠤᠳᠠ 17.72 ᠳ᠋ᠥᠩᠰᠢᠭᠤᠷ ᠲᠦᠬᠦᠷᠢᠭ ᠤᠨ ᠪᠡᠯᠡ | ᠮᠦᠩᠬᠦ ᠤᠷᠤᠭᠤᠯᠤᠨ 12 ᠵᠢᠭᠤᠯᠴᠢᠯᠠᠯ ᠤᠨ ᠲᠦᠷᠤᠯ ᠵᠦᠢᠯ ᠢ ᠬᠡᠷᠡᠭᠵᠢᠬᠦᠯᠵᠤ᠂ ᠵᠢᠭᠤᠯᠴᠢᠯᠠᠯ ᠤᠨ ᠠᠵᠤ ᠦᠢᠯᠡᠰ ᠢᠶᠠᠨ | ᠤᠯᠠᠮ ᠨᠢᠭᠡ ᠠᠯᠬᠤᠮ ᠲᠡᠰ ᠲᠡᠪᠰᠢᠬᠦᠯᠥᠭᠰᠡᠨ ᠪᠠᠶᠢᠨ᠎ᠠ᠃ 2024 ᠣᠨ ᠳᠤ᠂ ᠪᠦᠬᠦ ᠤᠷᠤᠨ ᠤ ᠠᠩᠬᠠᠳᠠᠭᠴᠢ | ᠤᠯᠤᠰ ᠤᠨ ᠲᠡᠰ ᠤᠨ ᠵᠢᠭᠤᠯᠴᠢᠯᠠᠨ ᠰᠡᠯᠡᠬᠦᠴᠡᠨ ᠠᠮᠠᠷᠠᠬᠤ ᠤᠷᠤᠨ ᠢ ᠠᠮᠵᠢᠯᠳᠠ ᠲᠠᠢ ᠡᠬᠦᠳᠤᠨ ᠪᠠᠶᠢᠭᠤᠯᠵᠤ᠂ 73.66 | ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠬᠦᠳᠴᠤ᠂ 2014 ᠣᠨ ᠤ ᠬᠢ ᠲᠠᠢ ᠠᠳᠠᠯᠢᠳᠬᠠᠪᠠᠯ | ᠲᠤᠰᠪᠦᠷᠢ 191.42%᠂ 183.42% ᠪᠠᠷ ᠨᠡᠮᠡᠭᠳᠡᠨ᠂ ᠵᠢᠭᠤᠯᠴᠢᠯᠠᠯ ︽ᠨᠡᠩ ᠬᠦᠭᠵᠢᠶᠡᠨᠳᠠᠢ ᠪᠤᠯᠬᠤ︾ ᠰᠢᠨ᠎ᠠ | ᠬᠠᠭᠤᠳᠠᠰᠤ ᠶᠢ ᠠᠮᠵᠢᠯᠳᠠ ᠲᠠᠢ ᠪᠢᠴᠢᠭᠯᠡᠵᠡᠢ᠃ | 2025 ᠣᠨ ᠳᠤ᠂ ᠷᠠᠰᠢᠶᠠᠨ ᠬᠤᠳᠠ 500 ᠲᠦᠮᠡᠨ ᠲᠦᠬᠦᠷᠢᠭ ᠠᠴᠠ ᠲᠡᠭᠡᠭᠰᠢ 64 ᠭᠤᠤᠯᠳᠠᠯᠭ᠎ᠠ ᠲᠠᠢ ᠲᠦᠷᠤᠯ | ᠵᠦᠢᠯ ᠢ ᠬᠡᠷᠡᠭᠵᠢᠬᠦᠯᠬᠦ ᠪᠠᠷ ᠲᠦᠯᠤᠪᠯᠡᠵᠤ᠂ ᠶᠡᠷᠤᠩᠬᠡᠢ ᠪᠡᠯᠡ ᠤᠷᠤᠭᠤᠯᠤᠯᠳᠠ ᠨᠢ 76.1 ᠳ᠋ᠥᠩᠰᠢᠭᠤᠷ ᠲᠦᠬᠦᠷᠢᠭ ᠲᠤ | ᠬᠦᠷᠤᠨ᠎ᠠ᠃ ᠡᠬᠦᠨ ᠳᠤ 17 ᠵᠢᠭᠤᠯᠴᠢᠯᠠᠯ ᠤᠨ ᠲᠦᠷᠤᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ ᠨᠢ 21.8 | ᠳ᠋ᠥᠩᠰᠢᠭᠤᠷ ᠲᠦᠬᠦᠷᠢᠭ ᠲᠤ ᠬᠦᠷᠴᠤ᠂ ᠡᠳᠡᠭᠡᠷ ᠵᠢᠭᠤᠯᠴᠢᠯᠠᠯ ᠤᠨ ᠲᠦᠷᠤᠯ ᠵᠦᠢᠯ ᠢᠶᠠᠷ ᠡᠯ᠎ᠠ ᠲᠦᠷᠤᠯ ᠤᠨ ᠡᠬᠢ | ᠪᠠᠶᠠᠯᠢᠭ ᠤᠨ ᠡᠯᠤᠮᠤᠨ᠋ᠲ ᠢ ᠨᠡᠶᠢᠳᠭᠡᠨ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠠᠵᠤ ᠦᠢᠯᠡᠰ ᠤᠨ ᠦᠷᠢᠰᠤᠯᠳᠤᠬᠦ | ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ | ᠦᠵᠡᠮᠵᠢ ᠶᠢᠨ ᠤᠷᠤᠨ ᠢ ᠢᠳᠡᠪᠬᠢᠳᠠᠢ ᠡᠬᠦᠳᠴᠤ ᠪᠤᠢ᠃ |