ᠷᠠᠰᠢᠶᠠᠨ ᠬᠤᠲᠠ ᠪᠣᠯᠤᠨ ᠬᠤᠨᠠᠨ ᠤ ᠪᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/23
    5 ᠰᠠᠷ᠎ᠠ ᠶᠢᠨ 21 ᠤ ᠡᠳᠦᠷ᠂ ᠷᠠᠰᠢᠶᠠᠨ ᠬᠤᠳᠠ ᠪᠣᠯᠤᠨ ᠬᠤᠨᠠᠨ ᠤ ᠪᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯᠯᠠᠬᠤ ᠶᠠᠷᠢᠯᠴᠠᠬᠤ ᠬᠤᠷᠠᠯ ᠬᠢᠵᠡᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠬᠤᠷᠠᠯ ᠡᠷᠭᠢᠯᠡᠵᠦ᠂ ᠬᠤᠨᠠᠨ ᠤ ᠪᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠭᠴᠢ ᠵᠧᠤ ᠮᠢᠨ᠂ ᠬᠤᠲᠠ ᠶᠢᠨ ᠤᠳᠤᠷᠢᠳᠤᠯᠭ᠎ᠠ ᠵᠢᠶᠤᠤ ᠳ᠋ᠡ ᠠᠨ᠂ ᠸᠠᠩ ᠬᠠᠶ ᠵᠢᠶᠦ᠋ᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠵᠠᠶ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠤᠳᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠬᠴᠠᠵᠢᠭᠤᠯᠣᠨ ᠪᠦᠳᠦᠭᠡᠨ ᠪᠠᠶᠢᠭᠤᠯᠬᠤ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠣᠳᠠᠲᠠᠢ ᠬᠠᠮᠲᠤᠷᠠᠯᠴᠠᠭᠠᠨ ᠤ ᠵᠠᠭᠪᠤᠷ᠂ ᠲᠦᠷᠦᠯ ᠵᠦᠢᠯ ᠢ ᠬᠡᠷᠡᠭᠵᠢᠭᠦᠯᠬᠦ ᠨᠠᠷᠢᠨ ᠵᠦᠢᠯᠡᠰ᠂ ᠮᠡᠷᠭᠡᠵᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠭᠦᠢᠴᠡᠳ ᠰᠤᠳᠤᠯᠤᠨ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠪᠠᠶᠢᠩᠭᠤ ᠶᠢᠨ ᠴᠢᠨᠠᠷᠲᠠᠢ ᠲᠣᠭᠲᠠᠮᠠᠯ ᠬᠤᠭᠤᠴᠠᠭ᠎ᠠ ᠲᠠᠢ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠡᠳᠦᠷ ᠳᠤᠳᠤᠮ ᠤᠨ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠦᠴᠢᠷ ᠠᠰᠠᠭᠤᠳᠠᠯ ᠪᠠ ᠲᠦᠭᠵᠢᠷᠡᠯ ᠢ ᠬᠠᠮᠲᠤᠪᠠᠷ ᠰᠤᠳᠤᠯᠤᠨ ᠰᠢᠢᠳᠪᠦᠷᠢᠯᠡᠨ᠎ᠡ᠃ ᠵᠠᠯᠭᠠᠭᠠᠳ ᠲᠤᠰᠬᠠᠢ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠪᠣᠯᠤᠮᠵᠢᠲᠤ ᠴᠢᠨᠠᠷ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠵᠡᠷᠭᠡ ᠳᠤ ᠪᠦᠬᠦ ᠲᠠᠯ᠎ᠠ ᠶᠢᠨ ᠦᠨᠡᠯᠡᠯᠲᠡ ᠬᠢᠵᠦ᠂ ᠬᠠᠮᠲᠤᠷᠠᠯᠴᠠᠭᠠᠨ ᠤ ᠲᠦᠷᠦᠯ ᠵᠦᠢᠯ ᠤᠨ ᠷᠠᠰᠢᠶᠠᠨ ᠬᠤᠳᠠ ᠶᠢᠨ ᠬᠥᠭᠵᠢᠯᠲᠡ ᠶᠢᠨ ᠬᠡᠷᠡᠭᠴᠡᠭᠡ ᠳᠤ ᠣᠨᠣᠪᠴᠢᠲᠠᠢ ᠨᠡᠶᠢᠴᠡᠬᠦ ᠶᠢ ᠪᠠᠲᠤᠯᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号