5 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠡᠯ ᠳᠤ᠂ ᠳᠦᠷᠢᠮ ᠲᠣᠭᠲᠠᠭᠠᠯ ᠤᠨ ᠵᠥᠪᠯᠡᠯ ᠤᠨ ᠬᠡᠷᠡᠭ ᠵᠥᠪᠯᠡᠬᠦ ᠳᠦᠷᠢᠮ ᠤᠨ ᠲᠣᠬᠢᠷᠠᠭᠤᠯᠤᠯᠲᠠ᠂ ᠶᠡᠭᠡ | ᠬᠢᠩᠭᠠᠨ ᠤ ᠷᠠᠰᠢᠶᠠᠨ ᠤ ᠵᠢᠭᠤᠯᠴᠢᠯᠠᠯ ᠤᠨ ᠺᠣᠮᠫᠠᠨᠢ ᠪᠣᠯᠤᠨ ᠷᠠᠰᠢᠶᠠᠨ ᠤ ᠰᠧᠨ ᠭᠥᠩ ᠺᠣᠮᠫᠠᠨᠢ ᠠᠴᠠ ᠳᠡᠪᠰᠢᠭᠦᠯᠦᠨ | ᠰᠢᠢᠳᠪᠦᠷᠢᠯᠡᠭᠦᠯᠬᠦ ᠶᠠᠪᠤᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠤᠳᠤᠯᠤᠨ ᠰᠣᠨᠣᠰᠴᠤ᠂ ᠳᠠᠷᠠᠭᠠᠴᠢ ᠶᠢᠨ | ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠥᠯᠥᠪᠵᠢᠭᠦᠯᠭᠡ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠡᠷᠦᠩᠬᠡᠢ ᠱᠦᠵᠢ ᠰᠢ ᠶᠢᠨ | ᠫᠢᠩ ᠤᠨ ᠬᠤᠳᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠬᠤᠳᠠ ᠶᠢᠨ ᠪᠠᠶᠢᠳᠠᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠥᠯᠥᠪᠵᠢᠭᠦᠯᠭᠡ ᠶᠢᠨ ᠵᠥᠪᠯᠡᠯ ᠤᠨ ᠬᠡᠷᠡᠭ | ᠵᠥᠪᠯᠡᠬᠦ ᠲᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠴᠢᠬᠤᠯᠠ ᠪᠠᠷᠢᠯᠭ᠎ᠠ ᠶᠢᠨ ᠲᠦᠷᠦᠯ ᠵᠦᠢᠯ᠂ ᠵᠠᠮ | ᠬᠠᠷᠢᠯᠴᠠᠭᠠᠨ ᠤ ᠲᠣᠣᠷ ᠤᠨ ᠪᠦᠳᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠳᠦᠭᠡᠨ | ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠭᠲᠠᠭᠠᠬᠰᠠᠨ ᠲᠦᠷᠣᠯ ᠵᠣᠶᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ ᠵᠢᠷᠤᠵᠤ ᠲᠥᠯᠥᠪᠯᠡᠬᠦ᠂ ᠵᠦᠢ ᠵᠣᠬᠢᠰᠲᠠᠢ ᠪᠦᠲᠦᠮᠵᠢᠲᠡᠢ ᠬᠡᠷᠡᠭᠵᠢᠭᠦᠯᠬᠦ ᠶᠢ | ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠶ ᠠᠩᠭᠢ ᠪᠠᠷ | ᠳᠥᠯᠭᠢᠨ ᠠᠬᠢᠭᠤᠯᠵᠤ᠂ ᠮᠥᠷᠳᠡᠨ ᠪᠠᠶᠢᠴᠠᠭᠠᠵᠣ ᠱᠠᠯᠠᠪᠳᠡᠭᠤᠯᠣᠨ ᠬᠦᠢᠴᠡᠳᠭᠡᠬᠦ ᠶᠢ ᠪᠠᠶᠢᠩᠭᠤᠵᠢᠭᠤᠯᠣᠨ᠂ | ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ︽ᠠᠵᠤ | ᠠᠬᠤᠶᠢᠯᠠᠯ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠰᠢᠢᠳᠪᠦᠷᠢᠯᠡᠨ ᠬᠦᠢᠴᠡᠳᠭᠡᠬᠦ︾ ᠶᠢ ᠦᠨᠡᠨ ᠬᠦ | ᠪᠡᠶᠡᠯᠡᠭᠦᠯᠬᠦ ᠬᠡᠷᠡᠭᠲᠡᠶ᠃ ᠣᠷᠣᠨ ᠨᠤᠲᠤᠭ ᠠᠵᠤ ᠠᠬᠤᠶᠢᠯᠠᠯ ᠬᠠᠮᠵᠢᠯᠴᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠡᠷ ᠢ ᠰᠡᠷᠭᠡᠶᠢᠯᠡᠨ | ᠤᠨᠲᠠᠷᠠᠭᠠᠬᠤ᠂ ᠬᠤᠯᠪᠣᠭᠠᠯᠠᠨ ᠰᠡᠷᠭᠡᠶᠢᠯᠡᠵᠦ ᠬᠠᠮᠳᠣᠪᠡᠷ ᠡᠵᠡᠮᠳᠡᠬᠦ ᠵᠡᠷᠭᠡ ᠬᠦᠷᠢᠶᠡᠨ ᠳᠤ ︽ᠮᠡᠳᠡᠭᠡ ᠵᠠᠩᠭᠢ ᠶᠢ | ᠬᠠᠷᠢᠯᠴᠠᠨ ᠨᠡᠪᠲᠡᠷᠡᠯᠴᠡᠬᠦᠯᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ︾ | ᠪᠠᠶᠢᠩᠭᠤᠵᠢᠭᠰᠠᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ᠷᠠᠰᠢᠶᠠᠨ ᠬᠤᠳᠠ ᠶᠢᠨ ᠠᠮᠢ ᠠᠬᠤᠢ ᠶᠢᠨ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠶᠢᠨ | ᠬᠠᠮᠵᠢᠯᠴᠠᠭᠠᠨ ᠤ ᠬᠡᠪ ᠳᠠᠭᠤᠷᠢᠶᠠᠯ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |