5 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠷᠠᠰᠢᠶᠠᠨ ᠬᠤᠲᠠ ᠶᠢᠨ ᠵᠠᠰᠠᠭ ᠤᠨ ᠣᠷᠳᠣᠨ ᠲᠠᠢ ᠬᠤᠯᠪᠣᠭᠳᠠᠬᠤ ᠭᠦᠢᠴᠡᠳᠬᠡᠬᠦ ᠬᠡᠷᠡᠭ ᠢ | ᠰᠢᠢᠳᠪᠣᠷᠢᠯᠡᠬᠦ ᠠᠬᠢᠴᠠ ᠶᠢ ᠲᠦᠷᠭᠡᠳᠭᠡᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠳᠤ | ᠬᠤᠯᠪᠣᠭᠳᠠᠭᠰᠠᠨ ᠭᠦᠢᠴᠡᠳᠬᠡᠬᠦ ᠬᠡᠷᠡᠭ ᠤᠨ ᠪᠠᠶᠢᠳᠠᠯ ᠢ ᠮᠡᠳᠡᠭᠳᠡᠵᠦ᠂ ᠬᠡᠷᠡᠭ ᠢ ᠰᠢᠢᠳᠪᠦᠷᠢᠯᠡᠬᠦ ᠲᠥᠰᠦᠯ ᠪᠠ | ᠲᠥᠯᠥᠪᠯᠡᠭᠡ ᠶᠢ ᠰᠣᠨᠣᠰᠪᠠ᠃ | ᠬᠤᠷᠠᠯ ᠠᠴᠠ᠂ ᠵᠠᠰᠠᠭ ᠤᠨ ᠣᠷᠳᠣᠨ ᠲᠠᠢ ᠬᠤᠯᠪᠣᠭᠳᠠᠬᠤ ᠭᠦᠢᠴᠡᠳᠬᠡᠬᠦ ᠬᠡᠷᠡᠭ ᠢ ᠰᠢᠢᠳᠪᠦᠷᠢᠯᠡᠭᠰᠡᠨ ᠦᠷ᠎ᠡ | ᠪᠦᠲᠦᠮᠵᠢ ᠨᠢ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠵᠠᠰᠠᠭ ᠤᠨ ᠣᠷᠳᠣᠨ ᠤ | ᠤᠯᠠᠨ ᠢ ᠢᠲᠡᠭᠡᠭᠦᠯᠬᠦ ᠬᠦᠴᠦᠨ ᠢ ᠬᠠᠮᠠᠭᠠᠯᠠᠬᠤ ᠪᠠ ᠬᠠᠤᠯᠢᠵᠢᠯ ᠤᠨ ᠷᠠᠰᠢᠶᠠᠨ ᠤ ᠪᠠᠶᠢᠭᠤᠯᠤᠯᠲᠠ ᠶᠢᠨ ᠠᠬᠢᠴᠠ ᠲᠠᠢ | ᠰᠢᠭᠤᠳ ᠬᠤᠯᠪᠣᠭᠳᠠᠬᠤ ᠶᠣᠮ᠃ ᠪᠦᠬᠦ ᠬᠤᠳᠠ ᠪᠠᠷ ᠢᠶᠠᠨ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ | ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ | ᠲᠣᠭᠲᠠᠭᠤᠨ ᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠣᠨ᠂ ︽ᠨᠢᠭᠡ ᠬᠡᠷᠡᠭ ᠲᠤ ᠨᠢᠭᠡ ᠲᠤᠰᠬᠠᠢ ᠠᠩᠭᠢ︾ ᠶᠢᠨ ᠬᠠᠷᠢᠭᠤᠴᠠᠯᠭ᠎ᠠ ᠶᠢᠨ ᠲᠦᠷᠢᠮ ᠢ | ᠬᠡᠷᠡᠭᠵᠢᠭᠦᠯᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ︽ᠭᠦᠢᠴᠡᠳᠬᠡᠬᠦ ᠲᠥᠰᠦᠯ ᠢ ᠨᠠᠶᠢᠳᠠᠪᠤᠷᠢᠵᠢᠭᠤᠯᠬᠤ ᠦᠭᠡᠢ ᠪᠣᠯ ᠵᠣᠭᠰᠣᠭᠠᠬᠤ ᠦᠭᠡᠢ᠂ ᠠᠰᠠᠭᠤᠳᠠᠯ ᠢ | ᠰᠢᠢᠳᠪᠦᠷᠢᠯᠡᠬᠦ ᠦᠭᠡᠢ ᠪᠣᠯ ᠲᠠᠬᠦᠰᠭᠡᠬᠦ ᠦᠭᠡᠢ᠂ ᠤᠯᠠᠨ ᠲᠦᠮᠡᠨ ᠬᠠᠨᠤᠮᠵᠢ ᠦᠭᠡᠢ ᠪᠣᠯ ᠲᠠᠭᠤᠰᠬᠠᠬᠤ ᠦᠭᠡᠢ︾ | ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠰᠢᠭᠦᠬᠦ ᠬᠤᠷᠢᠶ᠎ᠠ ᠲᠠᠢ ᠬᠤᠯᠪᠣᠭᠠᠯᠠᠨ ᠬᠥᠳᠡᠯᠦᠯᠴᠡᠵᠦ | ᠪᠠᠶᠢᠩᠭᠤᠵᠢᠭᠤᠯᠤᠭᠰᠠᠨ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠵᠠᠰᠠᠭ ᠤᠨ ᠣᠷᠳᠣᠨ ᠲᠠᠢ ᠬᠤᠯᠪᠣᠭᠳᠠᠬᠤ ᠭᠦᠢᠴᠡᠳᠬᠡᠬᠦ ᠬᠡᠷᠡᠭ ᠤᠨ ᠳᠤᠮᠳᠠᠬᠢ ᠲᠤᠪᠤᠶᠢᠮ᠎ᠠ | ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠵᠦ᠂ ᠵᠠᠰᠠᠭ ᠤᠨ ᠣᠷᠳᠣᠨ ᠳᠤ ᠬᠤᠯᠪᠣᠭᠳᠠᠭᠰᠠᠨ ᠰᠢᠨ᠎ᠡ | ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠬᠤ ᠬᠡᠷᠡᠭᠲᠡᠢ ᠭᠡᠵᠣ ᠴᠢᠬᠤᠯᠠᠴᠢᠯᠡᠪᠡ᠃ |