5 ᠰᠠᠷ᠎ᠠ ᠶᠢᠨ 19 ᠤ ᠡᠳᠦᠷ᠂ ᠷᠠᠰᠢᠶᠠᠨ ᠤ ᠬᠤᠷᠴᠠ ᠤᠯᠠᠭᠠᠨ ᠴᠡᠴᠡᠭ ᠳᠡᠯᠭᠡᠷᠡᠬᠦ ᠰᠠᠶᠢᠬᠠᠨ ᠴᠠᠭ | ᠮᠥᠴᠡ ᠳᠤ᠂ 5 · 19 ᠳᠤᠮᠳᠠᠳᠤ ᠤᠯᠤᠰ ᠤᠨ ᠵᠢᠭᠤᠯᠴᠢᠯᠡᠯ ᠤᠨ ᠡᠳᠦᠷ ᠤᠨ ᠬᠢᠩᠭᠠᠨ ᠠᠶᠢᠮᠠᠭ ᠤᠨ ᠬᠤᠪᠢᠶᠠᠷᠢ | ᠬᠤᠷᠠᠯ ᠤᠨ ᠲᠠᠯᠠᠪᠠᠢ ᠶᠢᠨ ᠠᠵᠢᠯᠯᠠᠭ᠎ᠠ ᠵᠢᠴᠢ 2025 ᠣᠨ ᠤ ᠷᠠᠰᠢᠶᠠᠨ ᠤ ᠬᠤᠷᠴᠠ ᠤᠯᠠᠭᠠᠨ ᠴᠡᠴᠡᠭ | ᠰᠣᠨᠢᠷᠬᠠᠬᠤ ᠵᠢᠭᠤᠯᠴᠢᠯᠠᠯ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ ᠪᠣᠯᠵᠤᠭ᠎ᠠ ᠶᠣᠰᠣᠭᠠᠷ ᠢᠶᠠᠨ ᠶᠠᠪᠤᠭᠳᠠᠵᠤ᠂ | ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠬᠴᠢᠳ ᠷᠠᠰᠢᠶᠠᠨ ᠬᠤᠳᠠ ᠳᠤ ᠴᠤᠭᠯᠠᠷᠠᠵᠤ ᠴᠡᠴᠡᠭ ᠰᠣᠨᠢᠷᠬᠠᠪᠠ᠃ | ᠲᠣᠰ ᠤᠳᠠᠭᠠᠨ ᠤ ᠠᠵᠢᠯᠯᠠᠭ᠎ᠠ ᠶᠢ ᠬᠢᠩᠭᠠᠨ ᠠᠶᠢᠮᠠᠭ ᠤᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ | ᠲᠣᠪᠴᠢᠶ᠎ᠠ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠷᠠᠰᠢᠶᠠᠨ | ᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠤᠤ ᠯᠦᠨ ᠪᠦ᠋ ᠺᠠ ᠦᠵᠡᠮᠵᠢ ᠶᠢᠨ | ᠣᠷᠣᠨ ᠠᠴᠠ ᠳᠠᠭᠠᠭᠠᠴᠢᠯᠠᠨ ᠡᠷᠭᠢᠯᠡᠵᠠᠢ᠃ | ᠲᠤᠰ ᠤᠳᠠᠭᠠᠨ ᠤ ᠠᠵᠢᠯᠯᠠᠭ᠎ᠠ ᠨᠢ ᠴᠡᠴᠡᠭ ᠢᠶᠠᠷ ᠵᠠᠭᠤᠴᠢ ᠪᠣᠯᠭᠠᠵᠤ᠂ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠢ ᠲᠠᠨᠢᠯᠴᠠᠭᠤᠯᠬᠤ᠂ ᠤᠷᠠᠨ ᠰᠠᠶᠢᠬᠠᠨ ᠤ ᠲᠣᠭᠯᠠᠯᠲᠠ᠂ ᠬᠡᠷ ᠤᠨ ᠭᠠᠳᠠᠨᠠᠬᠢ ᠬᠥᠳᠡᠯᠭᠡᠭᠡᠨ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠵᠣᠯᠭᠠᠭᠤᠯᠤᠨ ᠵᠥᠪᠳᠡᠯᠴᠡᠬᠦ ᠵᠡᠷᠭᠡ ᠣᠯᠠᠨ ᠡᠰᠢᠲᠦ ᠬᠡᠯᠪᠡᠷᠢ ᠪᠠᠷ | ᠶᠠᠪᠤᠬᠳᠠᠵᠦ᠂ ︽ᠰᠣᠶᠣᠯ ᠵᠢᠭᠤᠯᠴᠢᠯᠠᠯ︾ ᠤᠨ ᠰᠢᠨ᠎ᠡ ᠠᠮᠢ ᠠᠬᠤᠶ ᠶᠢ ᠠᠭᠤᠰᠤᠯᠴᠠᠭᠤᠯᠵᠤ᠂ ᠤᠷᠤᠯᠳᠤᠭᠠᠨ ᠢᠶᠠᠷ | ᠬᠥᠮᠦᠰ ᠤᠨ ᠬᠦᠷᠢᠶᠡᠯᠡᠯ ᠢ ᠣᠯᠵᠤ᠂ ᠠᠵᠢᠯᠯᠠᠭ᠎ᠠ ᠪᠠᠷ ᠵᠢᠭᠤᠯᠴᠢᠯᠡᠯ ᠢ ᠠᠬᠢᠭᠤᠯᠤᠨ᠂ ᠵᠢᠭᠤᠯᠴᠢᠯᠡᠯ ᠢᠶᠠᠷ | ᠬᠥᠭᠵᠢᠯᠲᠡ ᠶᠢ ᠠᠬᠢᠭᠤᠯᠵᠦ᠂ ᠷᠠᠰᠢᠶᠠᠨ ᠬᠤᠲᠠ ᠶᠢᠨ ᠵᠢᠭᠤᠯᠴᠢᠯᠠᠯ ᠤᠨ ᠬᠦᠭᠵᠢᠶᠡᠨᠳᠦ ᠤᠯᠠᠷᠢᠯ ᠤᠨ ᠬᠥᠰᠢᠭᠡ ᠶᠢ | ᠨᠡᠭᠡᠭᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠮᠥ᠋ᠴᠢᠷ ᠤᠨ ᠲᠤᠬᠯᠠᠬᠴᠢᠳ ᠭᠤᠶᠢᠲᠠ ᠰᠠᠶᠢᠬᠠᠨ ᠳᠠᠭᠤᠤ | ᠪᠦᠵᠢᠭ ᠢᠶᠠᠷ ᠠᠵᠢᠯᠯᠠᠭ᠎ᠠ ᠶᠢᠨ ᠬᠦᠰᠢᠭᠡ ᠶᠢ ᠰᠡᠭᠦᠵᠦ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ | ᠰᠡᠳᠭᠢᠯᠭᠡ ᠶᠢ ᠬᠥᠭᠵᠢᠭᠡᠵᠠᠢ᠃ ᠶᠣᠰᠣᠯᠠᠯ ᠳᠤ ᠪᠥᠬᠦ ᠠᠶᠢᠮᠠᠭ ᠤᠨ ᠵᠢᠭᠤᠯᠴᠢᠯᠠᠯ ᠤᠨ ᠭᠤᠤᠯ ᠰᠡᠳᠦᠪᠲᠦ | ᠲᠠᠨᠢᠯᠴᠠᠭᠤᠯᠭ᠎ᠠ ᠤᠨ ᠠᠵᠢᠯᠯᠠᠭ᠎ᠠ ᠪᠠ ︽ᠤᠤ ᠯᠦᠨ ᠪᠦ᠋ ᠺᠠ︾ ᠦᠵᠡᠮᠵᠢ ᠶᠢᠨ ᠣᠷᠣᠨ ᠤ ᠲᠠᠨᠢᠯᠴᠠᠭᠤᠯᠭ᠎ᠠ ᠶᠢᠨ | ᠬᠤᠷᠠᠯ ᠲᠤᠬᠢᠷᠠᠭᠤᠯᠵᠦ᠂ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠪᠠ᠃ ᠡᠭᠦᠨ ᠤ ᠬᠠᠮᠳᠤ ᠪᠦᠬᠦ ᠠᠶᠢᠮᠠᠭ ᠤᠨ | ᠲᠠᠪᠤᠨ ᠤᠳᠤᠨ ᠲᠡᠰ ᠤᠨ ᠪᠠᠭᠤᠳᠠᠯ᠂ ᠠᠶᠠᠯᠭᠤᠲᠦ ᠵᠢᠭᠤᠯᠴᠢᠯᠡᠯ ᠦᠪᠦᠷ ᠮᠤᠩᠭᠤᠯ ᠲᠦᠷᠦᠯ ᠲᠡᠮᠳᠡᠭᠲᠦ ᠲᠡᠯᠭᠡᠭᠦᠷ᠂ | ᠵᠢᠭᠤᠯᠴᠢᠯᠡᠯ ᠤᠨ ᠳᠠᠨᠢᠯᠴᠠᠭᠤᠯᠭ᠎ᠠ ᠶᠢᠨ ᠪᠠᠭᠤᠳᠠᠯ ᠵᠢᠴᠢ ᠢᠳᠡᠰᠢᠨ ᠨᠤᠭᠤᠭ᠎ᠠ ᠶᠢᠨ ᠪᠦᠲᠦᠭᠡᠭᠳᠡᠭᠦᠨ᠂ 2A | ᠦᠵᠡᠮᠵᠢ ᠶᠢᠨ ᠤᠷᠤᠨ ᠤ ᠫᠠᠶᠢᠰᠠ ᠡᠯᠭᠦᠬᠦ ᠶᠤᠰᠤᠯᠠᠯ ᠪᠠ ᠬᠢᠩᠭᠠᠨ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠶᠢᠨ | ᠷᠠᠰᠢᠶᠠᠨ ᠵᠢᠭᠤᠯᠴᠢᠯᠡᠯ ᠤᠨ ᠠᠵᠦ ᠦᠢᠯᠡᠰ ᠤᠨ ᠲᠡᠭᠡᠳᠦ ᠰᠤᠷᠭᠠᠭᠤᠯᠢ ᠶᠢᠨ ᠫᠠᠶᠢᠰᠠ ᠡᠯᠬᠦᠬᠦ ᠶᠤᠰᠤᠯᠠᠯ ᠵᠡᠷᠭᠡ ᠶᠢ | ᠶᠠᠪᠤᠬᠳᠠᠭᠤᠯᠵᠠᠢ᠃ | ᠤᠢᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ᠤᠯᠤᠰ ᠤᠨ ᠲᠡᠰ ᠤᠨ ᠵᠢᠭᠤᠯᠴᠢᠯᠡᠯ ᠤᠨ | ᠠᠮᠠᠷᠠᠯᠲᠠ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠦᠵᠡᠮᠵᠢ ᠶᠢᠨ ᠣᠷᠣᠨ ᠤ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠡᠰ ᠳᠡᠪᠰᠢᠭᠦᠯᠬᠦ᠂ ᠬᠤᠳᠠ ᠶᠢᠨ ᠲᠦᠷᠢ ᠲᠦᠷᠬᠦ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ᠂ ᠲᠦᠷᠦᠯ ᠲᠡᠮᠳᠡᠭ ᠤᠨ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠵᠦ᠂ ᠪᠦᠬᠦ ᠣᠷᠣᠨ | ᠪᠦᠰᠡᠴᠢᠯᠡᠭᠰᠡᠨ᠂ ᠳᠡᠭᠡᠳᠦ ᠲᠡᠰ ᠤᠨ ᠵᠢᠭᠤᠯᠴᠢᠯᠡᠯ ᠤᠨ ᠪᠠᠶᠢᠷᠢᠰᠢᠯ ᠢ ᠪᠤᠢ ᠪᠣᠯᠭᠠᠵᠤ᠂ ᠬᠥᠬᠡᠮᠳᠦᠭ ᠨᠣᠭᠤᠭᠠᠨ | ᠠᠭᠤᠯᠠ ᠤᠰᠤᠨ ᠤ ᠠᠮᠢ ᠠᠬᠤᠢ ᠶᠢᠨ ᠳᠠᠪᠠᠭᠤᠯᠢᠭ ᠢ ᠠᠷᠠᠳ ᠢ ᠪᠠᠶᠠᠵᠢᠭᠤᠯᠤᠨ ᠬᠤᠳᠠ ᠶᠢ ᠬᠦᠴᠦᠷᠬᠡᠭᠵᠢᠭᠦᠯᠬᠦ | ᠠᠵᠤ ᠦᠢᠯᠡᠰ ᠤᠨ ᠦᠷᠳᠡᠭ ᠪᠣᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠦᠭᠰᠡᠨ ᠪᠥᠭᠡᠳ ᠬᠢᠩᠭᠠᠨ | ᠠᠶᠢᠮᠠᠭ ᠤᠨ ᠵᠢᠭᠤᠯᠴᠢᠯᠡᠯ ᠤᠨ ᠠᠵᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ︵ᠳᠠᠷᠬᠠᠨ ᠰᠢᠦ ᠰᠢᠦ︶ |