ᠷᠠᠰᠢᠶᠠᠨ ᠬᠢᠯᠢ ᠶᠢᠨ ᠪᠣᠭᠤᠮᠲᠠ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠰᠦᠮᠪᠦᠷ ᠬᠢᠯᠢ ᠶᠢᠨ | ᠪᠣᠭᠤᠮᠲᠠ ᠲᠠᠢ ᠭᠤᠣᠯ ᠠᠯᠤᠰᠯᠠᠨ ᠪᠠᠶᠢᠷᠢᠯᠠᠵᠤ ᠪᠤᠢ᠃ ᠲᠡᠷᠡ ᠨᠢ ᠮᠠᠨ ᠤ ᠤᠯᠤᠰ ᠤᠨ ᠮᠣᠩᠭᠤᠯ ᠤᠯᠤᠰ ᠲᠤ | ᠨᠡᠭᠡᠭᠡᠯᠲᠡ ᠬᠢᠭᠰᠡᠨ ᠣᠯᠠᠨ ᠤᠯᠤᠰ ᠤᠨ ᠴᠢᠨᠠᠷᠲᠠᠶ 5 ᠬᠢᠯᠢ ᠶᠢᠨ ᠪᠣᠭᠤᠮᠲᠠ ᠶᠢᠨ ᠨᠢᠭᠡ ᠪᠣᠯᠬᠤ ᠪᠠᠷ ᠪᠠᠷᠠᠬᠤ ᠥᠬᠡᠶ | ᠥᠪᠡᠷᠲᠡᠭᠡᠨ ᠵᠠᠰᠠᠬᠤ ᠣᠷᠣᠨ ᠤ ᠭᠠᠳᠠᠭᠰᠢ ᠨᠡᠭᠡᠭᠡᠯᠲᠡ ᠬᠢᠭᠰᠡᠨ ᠬᠢᠯᠢ ᠶᠢᠨ ᠪᠣᠭᠤᠮᠲᠠ ᠶᠢᠨ ᠳᠣᠲᠣᠷᠠᠬᠢ ᠴᠣᠷ ᠤᠨ | ᠭᠠᠭᠴᠠ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠪᠠ ᠤᠰᠤᠨ ᠵᠠᠮ ︽ᠳᠥᠷᠪᠡ ᠶᠢ ᠨᠢᠭᠡ | ᠴᠣᠭᠴᠠᠵᠢᠭᠤᠯᠤᠬᠰᠠᠨ︾ ᠨᠥᠬᠦᠴᠡᠯ ᠪᠠ ᠳᠠᠪᠠᠭᠤᠯᠢᠭ ᠲᠠᠢ ᠬᠢᠯᠢ ᠶᠢᠨ ᠪᠣᠭᠤᠮᠲᠠ ᠪᠠᠶᠢᠵᠤ᠂ ᠭᠠᠵᠠᠷ ᠵᠦᠶ ᠶᠢᠨ | ᠪᠠᠶᠢᠷᠢᠰᠢᠯ ᠪᠠ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ᠂ ᠮᠠᠰᠢ ᠣᠯᠠᠨ | ᠵᠢᠭᠤᠯᠴᠢᠯᠠᠭᠰᠠᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃ | ︽ᠨᠢᠳᠤᠨᠤᠨ ᠮᠠᠨ ᠤ ᠷᠠᠰᠢᠶᠠᠨ ᠬᠢᠯᠢ ᠶᠢᠨ ᠪᠣᠭᠤᠮᠲᠠ ᠪᠠᠷ ᠦᠡᠭᠭᠡᠷᠡᠭᠰᠡᠨ ᠠᠶᠠᠨᠴᠢᠳ 10143 ᠬᠥᠮᠦᠨ | ᠤᠳᠠᠭ᠎ᠠ ᠳᠤ ᠬᠦᠷᠴᠤ᠂ 80% ᠰᠢᠬᠠᠮ ᠨᠢ ᠬᠢᠯᠢ ᠠᠯᠤᠰᠯᠠᠭᠰᠠᠨ ᠵᠢᠭᠤᠯᠴᠢᠯᠠᠭᠴᠢ ᠪᠠᠶᠢᠵᠤ᠂ ᠷᠠᠰᠢᠶᠠᠨ ᠬᠢᠯᠢ ᠶᠢᠨ | ᠪᠣᠭᠤᠮᠲᠠ 2014 ᠣᠨ ᠳᠤ ᠭᠠᠳᠠᠭᠠᠳᠤ ᠨᠡᠭᠡᠭᠡᠯᠲᠡ ᠬᠢᠭᠰᠡᠨ ᠠᠴᠠ ᠨᠠᠭᠠᠰᠢᠬᠢ ᠲᠡᠦᠬᠡ ᠶᠢᠨ ᠬᠠᠮᠤᠭ ᠤᠨ ᠥᠨᠳᠥᠷ | ᠲᠡᠮᠳᠡᠭᠯᠡᠯ ᠢ ᠡᠭᠦᠳᠪᠡ︾ ᠬᠡᠵᠤ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ | ᠶᠠᠪᠤᠳᠠᠯ ᠤᠨ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠶᠡᠷᠢᠨ᠎ᠠ᠃ | ᠷᠠᠰᠢᠶᠠᠨ ᠬᠢᠯᠢ ᠶᠢᠨ ᠪᠣᠭᠤᠮᠲᠠ ᠠᠴᠠ ᠬᠢᠯᠢ ᠠᠯᠤᠰᠯᠠᠭᠰᠠᠨ ᠵᠢᠭᠤᠯᠴᠢᠯᠠᠯ᠂ ᠰᠣᠶᠣᠯ ᠢᠷᠭᠡᠨᠰᠢᠯ ᠤᠨ | ᠰᠣᠯᠢᠯᠴᠠᠭ᠎ᠠ᠂ ᠬᠢᠯᠢ ᠶᠢᠨ ᠠᠷᠠᠯᠵᠢᠶ᠎ᠠ ︽ᠭᠤᠷᠪᠠ ᠶᠢ ᠨᠢᠭᠡ ᠴᠤᠬᠴᠠᠵᠢᠭᠤᠯᠤᠬᠰᠠᠨ︾ ᠪᠣᠭᠤᠮᠲᠠ ᠶᠢᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠨᠡ ᠵᠢᠯ ᠪᠣᠭᠤᠮᠲᠠ ᠪᠠᠷ ᠥᠩᠭᠡᠷᠡᠬᠦ ᠴᠢᠳᠠᠪᠤᠷᠢ ᠶᠢ | ᠳᠡᠭᠡᠭᠰᠢᠯᠡᠭᠦᠯᠬᠦ᠂ ᠪᠣᠭᠤᠮᠲᠠ ᠶᠢᠨ ᠬᠢᠯᠢ ᠶᠢᠨ ᠬᠠᠮᠠᠭᠠᠯᠠᠯᠲᠠ ᠶᠢᠨ ᠴᠠᠭᠳᠠᠨ ᠲᠣᠭᠤᠷᠢᠬᠤ ᠵᠠᠮ᠂ ᠤᠶᠤᠨᠴᠢ | ᠪᠣᠭᠤᠮᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠪᠠᠷᠠᠭᠠᠨ ᠤ ᠲᠡᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠵᠡᠷᠭᠡ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ ᠬᠢᠪᠡ᠃ ᠡᠭᠦᠨ ᠤ ᠬᠠᠮᠲᠤ᠂ ᠴᠢᠯᠥᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠵᠠᠬ᠎ᠠ ᠶᠢᠨ | ᠠᠷᠠᠯᠵᠢᠶᠠᠨ ᠤ ᠲᠣᠭᠤᠷᠢᠭ᠂ ᠵᠠᠬ᠎ᠠ ᠶᠢᠨ ᠠᠷᠠᠯᠵᠢᠶᠠᠨ ᠤ ᠰᠠᠭᠤᠷᠢᠰᠢᠭᠤᠯᠤᠨ ᠡᠳ᠋ᠰᠢᠬᠦᠯᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ᠂ ᠪᠥᠬᠦ ᠤᠯᠤᠰ ᠤᠨ ᠭᠠᠳᠠᠭᠠᠳᠤ ᠠᠴᠠ | ᠣᠷᠣᠭᠤᠯᠤᠭᠰᠠᠨ ᠢᠮᠠᠭᠠᠨ ᠨᠤᠤᠯᠤᠭᠤᠷ ᠢ ᠰᠠᠭᠤᠷᠢᠰᠢᠭᠤᠯᠤᠨ ᠡᠳ᠋ᠰᠢᠭᠦᠯᠬᠦ ᠬᠠᠮᠤᠭ ᠤᠨ ᠲᠣᠮᠣ ᠪᠦᠯᠦᠭᠯᠡᠯ ᠢ | ᠬᠦᠴᠦᠯᠡᠨ ᠪᠠᠶᠢᠭᠤᠯᠵᠤ᠂ ᠬᠢᠯᠢ ᠶᠢᠨ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢ ᠬᠥᠭᠵᠢᠭᠦᠯᠬᠦ ᠢᠢ | ᠨᠠᠩ ᠰᠠᠶᠢᠲᠤᠷ ᠳᠠᠶᠢᠴᠢᠯᠠᠵᠤ᠂ ᠮᠠᠨ ᠤ ᠤᠷᠤᠨ ᠤ ᠥᠪᠡᠷᠮᠢᠴᠡ ᠣᠨᠴᠠᠯᠢᠭ ᠲᠠᠢ ᠠᠮᠢ ᠠᠬᠤᠶ ᠶᠢᠨ ᠬᠢᠯᠢ ᠶᠢᠨ | ᠪᠣᠭᠤᠮᠲᠠ ᠪᠠ ᠮᠣᠩᠭᠤᠯ ᠤᠯᠤᠰ ᠲᠤ ᠨᠡᠭᠡᠭᠡᠯᠲᠡ ᠬᠢᠵᠦ ᠬᠠᠮᠲᠤᠷᠠᠯᠴᠠᠬᠤ ᠡᠮᠦᠨ᠎ᠡ ᠹᠷᠣᠨᠲ ᠤᠨ ᠵᠢᠭᠰᠠᠭᠠᠯ ᠤᠨ | ᠭᠠᠵᠠᠷ ᠢ ᠬᠦᠴᠦᠯᠡᠨ ᠪᠠᠶᠢᠭᠤᠯᠪᠠ᠃ | ︵ᠭᠤᠤ ᠬᠤᠩ ᠯᠢᠶᠠᠨ︶ |