ᠡᠷᠬᠢᠮᠳᠣ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/5/26
        5 ᠰᠠᠷ᠎ᠠ ᠶᠢᠨ 22 ᠤᠨ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠤᠷᠢᠳ ᠬᠤᠵᠢᠳ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠪᠣᠬᠢᠷ ᠤᠰᠤᠨ ᠤ ᠬᠤᠭᠤᠯᠠᠢ ᠲᠣᠣᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠵᠡᠷᠭᠡ ᠭᠠᠵᠠᠷ ᠢᠶᠠᠷ ᠬᠦᠷᠴᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃    ᠡᠷᠬᠢᠮᠲᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ︽ᠤᠯᠤᠰ ᠤᠨ ᠶᠡᠭᠡ ᠶᠠᠪᠤᠳᠠᠯ︾ ᠮᠥᠨ᠃ ᠪᠦᠬᠦ ᠬᠤᠳᠠ ᠪᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ︽ᠣᠳᠣᠬᠠᠨ ᠳᠤ ᠥᠭᠡᠷᠡᠴᠢᠯᠡᠬᠦ︾ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠨᠡᠩ ᠴᠤ ︽ᠤᠷᠳᠤ ᠬᠤᠭᠤᠴᠠᠭ᠎ᠠ ᠪᠠᠷ ᠪᠠᠶᠢᠭᠤᠯᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠬᠠᠮᠵᠢᠯᠴᠠᠨ ᠬᠦᠴᠦᠯᠡᠬᠦ ᠶᠢ ᠬᠠᠮᠲᠤᠪᠠᠷ ᠵᠠᠰᠠᠬᠤ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠤᠨ ᠰᠦᠩ ᠯᠢᠶᠣᠤ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠲᠠᠯᠪᠢᠬᠤ ᠲᠣᠪᠴᠢᠶ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠬᠢᠨᠠᠨ ᠬᠡᠮᠵᠢᠵᠦ ᠰᠢᠯᠭᠠᠨ ᠪᠠᠶᠢᠴᠠᠭᠠᠬᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠵᠢᠷᠤᠮᠵᠢᠭᠤᠯᠤᠨ ᠬᠠᠮᠢᠶᠠᠷᠬᠤ ᠵᠡᠷᠭᠡ ᠠᠵᠢᠯ ᠢ ᠴᠢᠩᠭ᠎ᠠ ᠪᠣᠳᠠᠲᠠᠢ ᠠᠳᠬᠤᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠶᠢᠨ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠬᠠᠭᠤᠯᠤᠨ ᠳᠠᠶᠢᠴᠢᠯᠠᠬᠤ ᠲᠠᠯ᠎ᠠ ᠪᠠᠷ ᠤᠷᠳᠤ ᠬᠤᠭᠤᠴᠠᠭ᠎ᠠ ᠪᠠᠷ ᠴᠢᠷᠮᠠᠶᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠰᠡᠳᠬᠢᠯ ᠳᠡᠭᠡᠨ ᠬᠠᠳᠠᠩᠰᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠤᠷᠲᠠᠯ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠠᠮᠢᠳᠤᠯᠢᠭ ᠦᠢᠯᠡᠳᠦᠯᠭᠡ ᠪᠠᠷ ᠠᠮᠢ ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠯᠴᠠᠨ ᠴᠢᠳᠠᠪᠤᠷᠢ ᠣᠯᠭᠤᠬᠤ᠂ ᠬᠠᠮᠵᠢᠯᠴᠠᠨ ᠬᠠᠮᠲᠤᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠠᠪᠠ᠃    ᠬᠤᠲᠠ ᠶᠢᠨ ᠤᠳᠤᠷᠢᠳᠤᠯᠭ᠎ᠠ ᠯᠢ ᠫᠧᠩ ᠵᠢᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠯᠲᠠ ᠳᠤ ᠣᠷᠣᠯᠴᠠᠪᠠ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号