| | 5 ᠰᠠᠷ᠎ᠠ ᠶᠢᠨ 23 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠳᠣ ᠤᠷᠢᠳ ᠬᠤᠵᠢᠳ ᠷᠠᠰᠢᠶᠠᠨ ᠭᠤᠤᠯ ᠤᠨ ᠰᠠᠪᠠ ᠭᠠᠵᠠᠷ᠂ ᠬᠠᠯᠬ᠎ᠠ ᠭᠤᠤᠯ ᠤᠨ ᠤᠰᠤᠨ | ᠴᠡᠴᠡᠷᠯᠢᠭ᠂ ᠳ᠋ᠤᠯᠠᠷ ᠣᠶ ᠰᠢᠭᠤᠶ ᠶᠢᠨ ᠲᠠᠯᠠᠪᠠᠶ᠂ ᠬᠢᠯᠢ ᠶᠢᠨ ᠭᠠᠯ ᠲᠣᠶᠢᠮᠡᠷ ᠢ ᠰᠡᠷᠭᠡᠶᠢᠯᠡᠬᠦ ᠵᠠᠮ ᠵᠡᠷᠭᠡ ᠭᠠᠵᠠᠷ ᠢᠶᠠᠷ | ᠬᠦᠷᠴᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ ᠨᠣᠳᠤᠭ ᠪᠡᠯᠴᠢᠭᠡᠷ ᠤᠨ | ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ | ᠲᠠᠷᠢᠶᠠᠯᠠᠩ ᠤᠰᠤᠨ ᠠᠰᠢᠭᠯᠠᠯᠳᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ | ᠡᠷᠬᠢᠮᠳᠣ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠢ ᠰᠢᠭᠤᠢ ᠶᠢᠨ | ᠳᠠᠷᠤᠭ᠎ᠠ ᠶᠢᠨ ᠳᠦᠷᠢᠮ︾ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠤᠰᠤ ᠶᠢ ᠵᠠᠰᠠᠵᠤ | ᠤᠢ ᠰᠢᠭᠤᠢ ᠶᠢ ᠬᠥᠭᠵᠢᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ᠂ ᠭᠤᠣᠯ ᠤᠨ ᠭᠤᠯᠳᠣᠷᠢᠯ ᠢᠶᠠᠷ ᠡᠯᠡᠰᠦ ᠮᠠᠯᠲᠠᠬᠤ ᠶᠢ ᠬᠠᠮᠢᠶᠠᠷᠬᠤ᠂ ᠤᠰᠤᠨ ᠤ ᠭᠠᠳᠠᠷᠭᠤ ᠶᠢᠨ | ᠬᠥᠪᠥᠮᠡᠯ ᠪᠣᠳᠠᠰ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ︽ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ︾ ᠢ ᠰᠠᠬᠢᠨ ᠬᠠᠮᠠᠭᠠᠯᠠᠬᠤ ᠡᠨᠡᠬᠦ ᠴᠢᠬᠤᠯᠠ | ᠨᠡᠷ᠎ᠡ ᠶᠢᠨ ᠬᠠᠭᠤᠳᠠᠰᠤ ᠶᠢ ᠰᠠᠬᠢᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ | ᠳᠠᠷᠤᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠢ ᠰᠢᠭᠤᠢ ᠨᠤᠲᠤᠭ | ᠪᠡᠯᠴᠢᠭᠡᠷ ᠢ ᠡᠪᠳᠡᠨ ᠰᠦᠢᠳᠬᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠮᠣᠳᠣ ᠴᠠᠪᠴᠢᠵᠤ ᠣᠭᠲᠣᠯᠬᠤ | ᠵᠡᠷᠭᠡ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠪᠦᠬᠦ ᠬᠦᠴᠦᠨ ᠢᠶᠠᠷ ᠢᠶᠠᠨ ᠰᠠᠶᠢᠲᠤᠷ | ᠬᠠᠮᠠᠭᠠᠯᠠᠬᠤ ᠶᠢᠨ ᠬᠠᠮᠲᠤ ᠤᠢ ᠰᠢᠭᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠤᠢ | ᠰᠢᠭᠤᠢ ᠶᠢᠨ ᠬᠤᠷᠮᠣᠢ ᠶᠢᠨ ᠬᠢᠲᠠᠳ ᠡᠮ ᠤᠨ ᠮᠠᠲ᠋ᠧᠷᠢᠶᠠᠯ ᠢ ᠲᠠᠷᠢᠬᠤ᠂ ᠤᠢ ᠰᠢᠭᠤᠢ ᠶᠢᠨ ᠦᠵᠡᠮᠵᠢ ᠶᠢ | ᠠᠰᠢᠭᠯᠠᠬᠤ ᠵᠡᠷᠭᠡ ᠤᠢ ᠶᠢᠨ ᠬᠤᠷᠮᠣᠢ ᠶᠢᠨ ᠠᠵᠤ ᠠᠬᠤᠢ ᠶᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠠᠮᠢ | ᠠᠬᠤᠢ ᠶᠢᠨ ᠪᠦᠳᠦᠭᠡᠭᠳᠡᠭᠦᠨ ᠤ ᠦᠷᠳᠡᠭ ᠢ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢᠨ ᠬᠠᠮᠠᠭᠠᠯᠠᠯᠲᠠ | ᠪᠣᠯᠤᠨ ᠪᠣᠬᠢᠷᠲᠤᠯ ᠦᠭᠡᠢ ᠬᠥᠭᠵᠢᠯᠲᠡ ᠶᠢ ᠵᠡᠷᠭᠡᠪᠡᠷ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠠᠵᠡᠢ᠃ | |