ᠷᠠᠰᠢᠶᠠᠨ ᠬᠤᠲᠠ ᠶᠢᠨ ᠵᠠᠰᠠᠭ ᠤᠨ ᠣᠷᠳᠣᠨ 2025 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 23 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ 2025 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠦᠷᠦᠯ ᠵᠦᠢᠯ ᠪᠣᠯᠤᠨ ᠡᠷᠬᠡ ᠶᠢᠨ ᠵᠢᠷᠤᠮᠵᠢᠯ ᠲᠠᠢ ᠠᠵᠢᠯᠯᠠᠭᠠᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠤᠳᠤᠬᠤ ᠬᠢᠭᠡᠳ ᠪᠤᠰᠤᠳ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠭᠦᠨᠵᠡᠭᠡᠶᠢᠷᠡᠭᠦᠯᠵᠦ᠂ ᠬᠢᠨᠠᠨ ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠤᠯᠤᠰ ᠲᠦᠷᠦᠴᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ 28 ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠭᠤᠣᠯ ᠰᠢᠵᠢᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠷᠠᠰᠢᠶᠠᠨ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠵᠢᠴᠢ 2025 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠯ ᠰᠡᠷᠭᠡᠶᠢᠯᠡᠬᠦ᠂ ᠰᠢᠲᠠᠮᠠᠬᠠᠢ ᠬᠡᠢ᠂ ᠤᠰᠤᠨ ᠳᠤ ᠬᠤᠯᠪᠣᠭᠳᠠᠬᠤ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠦᠷᠦᠯ ᠤᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠡᠯᠡ ᠮᠥᠩᠭᠦ ᠶᠢ ᠵᠣᠯᠭᠠᠭᠤᠯᠬᠤ᠂ ᠪᠠᠶᠢᠰᠢᠩ ᠭᠡᠷ ᠤᠨ ᠥᠮᠴᠢᠯᠡᠯ ᠤᠨ ᠡᠷᠬᠡ ᠶᠢ ᠰᠣᠯᠢᠬᠤ ᠂ ᠨᠡᠶᠢᠲᠡ ᠶᠢᠨ ᠵᠣᠷᠯᠣᠩ ᠢ ᠲᠡᠰ ᠲᠡᠪᠰᠢᠭᠦᠯᠦᠨ᠂ ᠬᠡᠭᠡᠷ᠎ᠡ ᠶᠢᠨ ᠡᠪᠡᠰᠤᠨ ᠡᠮ ᠤᠨ ᠮᠠᠲ᠋ᠧᠷᠢᠶᠠᠯ ᠢ ᠬᠠᠮᠠᠭᠠᠯᠠᠬᠤ ᠵᠡᠷᠭᠡ ᠶᠠᠪᠤᠳᠠᠯ ᠢ ᠰᠤᠳᠤᠯᠵᠠᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号