ᠷᠠᠰᠢᠶᠠᠨ ᠬᠤᠲᠠ 2025 ᠣᠨ ᠤ ᠠᠶᠢᠮᠠᠭ ᠬᠤᠲᠠ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
     5 ᠰᠠᠷ᠎ᠠ ᠶᠢᠨ 26 ᠤ ᠡᠳᠦᠷ᠂ ᠷᠠᠰᠢᠶᠠᠨ ᠬᠤᠲᠠ 2025 ᠣᠨ ᠤ ᠠᠶᠢᠮᠠᠭ᠂ ᠬᠤᠲᠠ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ 2025 ᠣᠨ ᠤ ᠠᠶᠢᠮᠠᠭ᠂ ᠬᠤᠲᠠ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᡁᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠪᠦᠦ ᠲᠢᠶᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠬᠤᠩ ᠸᠧᠶ ᠵᠢᠴᠢ ᠡᠯ᠎ᠡ ᠳᠠᠭᠠᠭᠠᠨ ᠠᠪᠴᠤ ᠰᠢᠢᠳᠪᠦᠷᠢᠯᠡᠬᠦ  ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃     ᠬᠤᠷᠠᠯ ᠠᠴᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠳᠠᠲᠤ ᠬᠡᠷᠡᠭᠴᠡᠭᠡ ᠮᠥᠨ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠠᠷᠠᠳ ᠤᠨ ᠤᠶᠤᠨ ᠤᠬᠠᠭᠠᠨ ᠠᠷᠠᠳ ᠤᠨ ᠬᠦᠴᠦᠨ ᠢ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢᠭᠡᠴᠢ ᠨᠦᠭᠦᠳ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠴᠠ ᠡᠮᠦᠨ᠎ᠡ ᠰᠠᠨᠠᠯ ᠳᠤᠷᠠᠳᠤᠯᠭ᠎ᠠ ᠳᠤᠷᠠᠳᠤᠭᠰᠠᠳ ᠤᠨ ᠰᠠᠨᠠᠭ᠎ᠠ ᠶᠢ ᠣᠶᠢᠯᠠᠭᠠᠵᠤ᠂ ᠰᠢᠢᠳᠪᠦᠷᠢᠯᠡᠬᠦ ᠳᠤᠮᠳᠠ ᠰᠠᠨᠠᠯ ᠬᠤᠷᠢᠶᠠᠵᠤ᠂ ᠰᠢᠢᠳᠪᠦᠷᠢᠯᠡᠭᠰᠡᠨ ᠤ ᠳᠠᠷᠠᠭ᠎ᠠ ᠴᠠᠭ ᠲᠤᠬᠠᠢ ᠳᠤᠨᠢ ᠬᠠᠷᠢᠭᠤ ᠲᠤᠰᠬᠠᠵᠤ᠂ ᠰᠢᠢᠳᠪᠦᠷᠢᠯᠡᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠯ ᠳᠤᠷᠠᠳᠤᠯᠭ᠎ᠠ ᠶᠢᠨ ᠠᠰᠠᠭᠤᠳᠠᠯ ᠢ ᠭᠦᠨᠵᠡᠭᠡᠢ ᠪᠠᠶᠢᠴᠠᠭᠠᠨ ᠰᠤᠳᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠥᠰᠦᠯ ᠢ ᠲᠣᠭᠲᠠᠭᠠᠵᠤ᠂ ᠰᠢᠢᠳᠪᠦᠷᠢᠯᠡᠬᠦ ᠠᠵᠢᠯ ᠢ ᠪᠣᠳᠠᠲᠠᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠤᠳ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠢᠳᠪᠦᠷᠢᠯᠡᠬᠦ ᠠᠬᠢᠴᠠ ᠪᠠ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号