| ᠵᠠᠮ ᠬᠠᠷᠢᠯᠴᠠᠭᠠᠨ ᠤ ᠠᠶᠦᠯ ᠭᠠᠷᠬᠤ ᠶᠢ ᠤᠷᠢᠳᠴᠢᠯᠡᠨ ᠰᠡᠷᠬᠡᠶᠢᠯᠡᠵᠦ᠂ ᠬᠠᠷᠢᠶᠠᠳᠤ ᠤᠷᠤᠨ ᠤ ᠵᠠᠮ | ᠬᠠᠷᠢᠯᠴᠠᠭᠠᠨ ᠤ ᠠᠮᠦᠷ ᠲᠦᠪᠰᠢᠨ ᠰᠠᠭᠠᠳ ᠦᠬᠡᠢ ᠨᠡᠪᠳᠡᠷᠡᠬᠦ ᠶᠢ ᠪᠠᠳᠦᠯᠠᠬᠤ ᠶᠢᠨ ᠲᠦᠯᠦᠬᠡ᠂ ᠤᠶᠢᠷ᠎ᠠ ᠶᠢᠨ ᠡᠳᠦᠷ | ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ | ᠶᠡᠭᠡ ᠠᠩᠬᠢ ᠶᠢᠨ ᠬᠢᠨ ᠲᠦᠪᠯᠡᠷᠡᠬᠦᠯᠦᠨ ᠪᠠᠶᠢᠴᠠᠭᠠᠬᠤ ᠠᠵᠢᠯᠯᠠᠭ᠎ᠠ ᠦᠷᠨᠢᠬᠦᠯᠵᠦ᠂ ᠵᠠᠮ ᠬᠠᠷᠢᠯᠴᠠᠭᠠᠨ ᠤ ᠠᠮᠦᠷ | ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠳᠦᠵᠢᠭᠤᠯᠵᠦ᠂ ᠠᠮᠦᠷ ᠲᠦᠪᠰᠢᠨ᠂ ᠡᠮᠬᠢ ᠵᠢᠷᠦᠮ ᠲᠠᠢ ᠵᠠᠮ | ᠬᠠᠷᠢᠯᠴᠠᠭᠠᠨ ᠤ ᠤᠷᠴᠢᠨ ᠲᠤᠭᠤᠷᠢᠨ ᠢ ᠪᠦᠷᠢᠯᠳᠦᠬᠦᠯᠪᠠ᠃ | ᠠᠵᠢᠯᠯᠠᠭ᠎ᠠ ᠳᠤ᠂ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠬᠢᠨ ᠦᠡᠭᠭᠡᠷᠡᠭᠰᠡᠨ ᠤ ᠠᠷᠢᠬᠢ | ᠤᠤᠭᠤᠵᠦ ᠰᠤᠬᠳᠤᠭᠤ ᠪᠠᠷ ᠲᠡᠷᠬᠡ ᠵᠢᠯᠤᠭᠤᠳᠬᠤ ᠠᠵᠢᠯᠯᠠᠭ᠎ᠠ ᠶᠢ ᠴᠡᠭᠴᠡᠯᠡᠨ ᠵᠠᠰᠠᠬᠰᠠᠨ ᠠᠵᠢᠯ ᠤᠨ | ᠲᠤᠷᠰᠢᠯᠭ᠎ᠠ ᠳᠠᠭᠠᠨ ᠳ᠋ᠦ᠋ᠩᠨᠡᠯᠳᠡ ᠬᠢᠵᠦ᠂ ᠴᠢᠬᠤᠯᠠ ᠵᠠᠮ ᠤᠨ ᠬᠡᠰᠡᠭ ᠢᠶᠠᠷ ︽ᠬᠦᠳᠡᠯᠦᠩᠬᠦᠢ ᠪᠠᠷ ᠪᠠᠶᠢᠴᠠᠭᠠᠬᠤ + | ᠲᠤᠬᠳᠠᠬᠰᠠᠨ ᠴᠡᠭ ᠲᠤᠬᠢᠷᠠᠭᠤᠯᠵᠦ ᠪᠠᠶᠢᠴᠠᠭᠠᠬᠤ︾ ᠵᠠᠬᠪᠦᠷ ᠢᠶᠠᠷ ᠨᠠᠭᠠᠰᠢ ᠴᠠᠭᠠᠰᠢ ᠠᠶᠠᠯᠠᠬᠤ ᠵᠢᠯᠤᠭᠤᠴᠢ ᠶᠢᠨ | ᠠᠷᠢᠬᠢ ᠤᠤᠭᠤᠵᠦ ᠰᠤᠬᠳᠤᠭᠤ ᠪᠠᠷ ᠲᠡᠷᠬᠡ ᠵᠢᠯᠤᠭᠤᠳᠴᠦ ᠪᠠᠶᠢᠬᠤ ᠡᠰᠡᠬᠦ ᠶᠢ ᠴᠢᠩᠭ᠎ᠠ ᠪᠠᠶᠢᠴᠠᠭᠠᠵᠦ᠂ ᠵᠠᠮ | ᠬᠠᠷᠢᠯᠴᠠᠭᠠᠨ ᠤ ᠠᠮᠦᠷ ᠲᠦᠪᠰᠢᠨ ᠢ ᠪᠦᠬᠦ ᠬᠦᠴᠦᠨ ᠢᠶᠠᠷ ᠪᠠᠳᠦᠯᠠᠵᠠᠢ᠃ | ᠡᠬᠦᠨ ᠤ ᠬᠠᠮᠳᠤ᠂ ᠵᠢᠵᠢᠬᠦᠷᠯᠡᠵᠦ ᠪᠠᠶᠢᠭ᠎ᠠ ᠠᠷᠠᠳ ᠤᠨ ᠴᠠᠬᠳᠠᠭ᠎ᠠ ︽ᠪᠠᠶᠢᠴᠠᠭᠠᠬᠤ ᠪᠠ ᠬᠦᠮᠦᠵᠢᠬᠦᠯᠬᠦ ᠶᠢ | ᠤᠶᠠᠯᠳᠤᠭᠤᠯᠬᠤ︾ ᠵᠠᠬᠪᠦᠷ ᠢᠶᠠᠷ ᠵᠢᠯᠤᠭᠤᠴᠢ ᠪᠠ ᠶᠠᠪᠠᠭᠠᠨ ᠬᠦᠮᠦᠨ ᠳᠤ ᠠᠷᠢᠬᠢ ᠤᠤᠭᠤᠵᠦ ᠲᠡᠷᠬᠡ ᠵᠢᠯᠤᠭᠤᠳᠬᠤ | ᠂ ᠰᠤᠬᠳᠤᠭᠤ ᠪᠠᠷ ᠲᠡᠷᠬᠡ ᠵᠢᠯᠤᠭᠤᠳᠬᠤ ᠶᠢᠨ ᠬᠤᠤᠷ ᠬᠦᠨᠦᠬᠡᠯ ᠢ ᠨᠠᠷᠢᠯᠢᠭ ᠤᠬᠠᠭᠤᠯᠤᠨ ᠲᠠᠶᠢᠯᠪᠦᠷᠢᠯᠡᠵᠦ᠂ ︽ | ᠲᠡᠷᠬᠡ ᠵᠢᠯᠤᠭᠤᠳᠪᠠᠯ ᠠᠷᠢᠬᠢ ᠤᠤᠭᠤᠬᠤ ᠦᠬᠡᠢ᠂ ᠠᠷᠢᠬᠢ ᠤᠤᠭᠤᠪᠠᠯ ᠲᠡᠷᠬᠡ ᠵᠢᠯᠤᠭᠤᠳᠬᠤ ᠦᠬᠡᠢ ᠪᠠᠶᠢᠬᠤ︾ | ᠪᠤᠯᠪᠠᠰᠦᠨ ᠵᠠᠮ ᠬᠠᠷᠢᠯᠴᠠᠭᠠᠨ ᠤ ᠤᠨᠤᠯᠵᠢᠬᠤᠨ ᠢ ᠰᠠᠨᠠᠭᠠᠴᠢᠯᠠᠵᠦ᠂ ᠠᠮᠦᠷ ᠲᠦᠪᠰᠢᠨ ᠪᠤᠯᠪᠠᠰᠦᠨ ᠵᠠᠮ | ᠬᠠᠷᠢᠯᠴᠠᠭᠠᠨ ᠤ ᠤᠷᠴᠢᠨ ᠲᠤᠭᠤᠷᠢᠨ ᠢ ᠪᠦᠷᠢᠯᠳᠦᠬᠦᠯᠵᠡᠢ᠃ | ᠲᠤᠰ ᠤᠳᠠᠭᠠᠨ ᠤ ᠠᠵᠢᠯᠯᠠᠭ᠎ᠠ ᠳᠤ ᠨᠡᠶᠢᠳᠡ 130 ᠭᠠᠷᠦᠢ ᠮᠠᠰᠢᠨ ᠲᠡᠷᠬᠡ ᠶᠢᠨ ᠵᠢᠯᠤᠭᠤᠴᠢ ᠶᠢ ᠪᠠᠶᠢᠴᠠᠭᠠᠵᠦ | ᠂ ᠠᠷᠢᠬᠢ ᠤᠤᠭᠤᠵᠦ ᠰᠤᠬᠳᠤᠭᠤ ᠪᠠᠷ ᠲᠡᠷᠭᠡ ᠵᠢᠯᠤᠭᠤᠳᠤᠬᠰᠠᠨ 2 ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ | ᠪᠠᠶᠢᠴᠠᠭᠠᠨ ᠢᠯᠡᠷᠡᠬᠦᠯᠵᠦ᠂ ᠲᠡᠷᠭᠡᠨ ᠳᠤ ᠰᠠᠭᠤᠭᠠᠳ ᠠᠶᠦᠯᠬᠦᠢ ᠪᠦᠰᠡᠯᠡᠬᠦᠷ ᠢᠶᠠᠨ ᠪᠦᠰᠡᠯᠡᠭᠰᠡᠨ ᠦᠬᠡᠢ 5 ᠬᠡᠷᠡᠭ ᠢ | ᠪᠠᠶᠢᠴᠠᠭᠠᠨ ᠢᠯᠡᠷᠡᠬᠦᠯᠵᠦ ᠲᠤᠰ ᠲᠤᠰ ᠴᠢᠩᠭ᠎ᠠ ᠰᠢᠳᠬᠡᠵᠡᠢ᠃ ︵ᠵᠠᠩ ᠾᠧ ᠯᠠᠢ︶ |