| ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ | ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ | ᠳᠡᠭᠡᠳᠦ ᠰᠤᠷᠭᠠᠭᠤᠯᠢ ᠢᠢᠨ ᠫᠠᠶᠢᠰᠠ ᠰᠡᠬᠦᠬᠦ ᠶᠣᠰᠣᠯᠠᠯ ᠲᠦᠷᠦᠬᠦᠬᠡᠨ ᠷᠠᠰᠢᠶᠠᠨ ᠳᠤ ᠶᠠᠪᠤᠭᠳᠠᠪᠠ᠃ ᠡᠨᠡ ᠨᠢ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠬᠤ ᠲᠥᠷᠥ ᠶᠢᠨ ᠪᠣᠳᠣᠯᠭ᠎ᠠ ᠶᠢ ᠢᠳᠡᠪᠬᠢᠳᠡᠢ ᠴᠤᠤᠷᠢᠶᠠᠲᠤᠨ ᠳᠠᠭᠠᠵᠤ᠂ ᠷᠠᠰᠢᠶᠠᠨ ᠬᠤᠲᠠ ᠶᠢᠨ | ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠳᠤ ᠬᠦᠴᠦᠷᠬᠡᠭ ᠶᠡᠭᠡ | ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠤᠨ᠎ᠠ᠃ | ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ | ᠡᠭᠦᠳᠤᠨ᠂ ᠵᠠᠰᠠᠭ ᠤᠨ ᠣᠷᠳᠣᠨ ᠢᠶᠠᠷ ᠤᠳᠤᠷᠢᠳᠤᠭᠤᠯᠵᠦ᠂ ᠶᠡᠭᠡ ᠳᠡᠭᠡᠳᠦ ᠰᠤᠷᠭᠠᠭᠤᠯᠢ ᠪᠠᠷ ᠭᠤᠤᠯ ᠴᠣᠭᠴᠠ | ᠪᠣᠯᠭᠠᠭᠰᠠᠨ᠂ ᠠᠵᠤ ᠠᠬᠤᠶᠢᠯᠠᠯ ᠣᠷᠣᠯᠴᠠᠭᠰᠠᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠦ᠂ ᠨᠡᠶᠢᠭᠡᠮ ᠤᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠥᠨᠳᠥᠷ ᠮᠡᠳᠡᠯᠭᠡ ᠪᠣᠯᠪᠠᠰᠤᠷᠠᠯ ᠲᠠᠢ ᠴᠢᠳᠠᠪᠤᠷᠢᠲᠠᠨ ᠢ | ᠬᠥᠮᠦᠵᠢᠭᠦᠯᠬᠦ ᠶᠢ ᠵᠤᠷᠢᠵᠦ᠂ ᠥᠪᠥᠷ ᠮᠣᠩᠭᠤᠯ ᠤᠨ ᠵᠡᠭᠦᠨ ᠪᠡᠶ᠎ᠠ ᠶᠢᠨ ᠭᠠᠵᠠᠷ ᠣᠷᠣᠨ ᠤ ᠵᠢᠱᠢᠶ᠎ᠡ ᠦᠵᠡᠭᠦᠯᠬᠦ | ᠴᠢᠨᠠᠷᠲᠠᠶ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠵᠤ᠂ ᠵᠢᠭᠤᠯᠴᠢᠯᠠᠯ ᠤᠨ ᠠᠵᠤ | ᠦᠢᠯᠡᠰ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠭᠦᠨᠵᠡᠭᠡᠶ ᠠᠭᠤᠰᠤᠯᠴᠠᠭᠤᠯᠤᠨ᠂ ᠰᠢᠨ᠎ᠡ ᠶᠢ ᠡᠭᠦᠳᠬᠦ | ᠪᠠ ᠦᠢᠯᠡᠳᠦᠯᠭᠡᠵᠢᠭᠦᠯᠬᠦ ᠴᠢᠳᠠᠪᠤᠷᠢ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠷᠠᠰᠢᠶᠠᠨ | ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠤᠨ ᠣᠷᠣᠨ | ᠨᠤᠲᠤᠭ ᠤᠨ ᠠᠵᠤ ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ ᠪᠠᠶᠢᠨ᠎ᠠ᠃ ᠳᠡᠭᠡᠳᠦ ᠰᠤᠷᠭᠠᠭᠤᠯᠢ ᠨᠢ | ᠵᠢᠭᠤᠯᠴᠢᠯᠠᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢᠶᠠᠷ ᠭᠤᠤᠯ ᠪᠤᠯᠭᠠᠵᠤ᠂ ᠣᠷᠣᠨ ᠨᠤᠲᠤᠭ ᠤᠨ ᠠᠵᠤ | ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠲᠤᠭᠤᠭᠠᠴᠢ ᠬᠢᠭᠡᠳ ᠰᠢᠮ᠎ᠡ ᠲᠡᠵᠢᠭᠡᠯ᠂ | ᠪᠠᠭᠤᠳᠠᠯ ᠤᠨ ᠲᠣᠭᠠᠴᠢᠯᠠᠭᠰᠠᠨ ᠡᠵᠡᠩᠨᠡᠯᠲᠡ ᠬᠢᠭᠡᠳ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠢ | ᠴᠠᠭ ᠲᠤᠨᠢ ᠲᠣᠬᠢᠷᠠᠭᠤᠯᠤᠨ ᠨᠡᠮᠡᠵᠦ ᠲᠣᠬᠢᠷᠠᠭᠤᠯᠤᠨ᠎ᠠ᠃ ᠪᠠᠰᠠ ᠷᠠᠰᠢᠶᠠᠨ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠ | ᠰᠢᠺᠸᠤ ᠲᠣᠰᠬᠤᠨ ᠵᠡᠷᠭᠡ ᠦᠢᠯᠡᠳᠦᠯᠭᠡ ᠵᠢᠭᠠᠨ ᠰᠤᠷᠭᠠᠯᠲᠠ ᠶᠢᠨ ᠰᠠᠭᠤᠷᠢᠨ ᠢ ᠭᠦᠢᠴᠡᠳ ᠠᠰᠢᠭᠯᠠᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠵᠤ ᠠᠬᠤᠶᠢᠯᠠᠯ ᠲᠠᠢ ᠨᠢᠭᠲᠠ ᠬᠠᠮᠲᠤᠷᠠᠯᠴᠠᠵᠤ᠂ ᠦᠢᠯᠡᠳᠦᠯᠭᠡ ᠶᠢᠨ ᠵᠢᠭᠠᠨ | ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠪᠠᠷ ᠪᠤᠢ᠃ | ᠷᠠᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠨᠢ ᠷᠠᠰᠢᠶᠠᠨ | ᠬᠤᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢᠨ ᠴᠢᠬᠤᠯᠠ ᠪᠡᠯᠭᠡ ᠲᠡᠮᠳᠡᠭ ᠪᠠᠶᠢᠵᠤ᠂ ᠣᠷᠣᠨ ᠨᠤᠲᠤᠭ ᠤᠨ ᠠᠵᠤ ᠠᠬᠤᠶ | ᠢᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠂ ᠵᠢᠭᠤᠯᠴᠢᠯᠠᠯ ᠤᠨ ᠬᠠᠮᠢᠶᠠᠷᠤᠯᠲᠠ ᠶᠢᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ ᠲᠠᠪᠴᠠᠩ ᠬᠠᠩᠭᠠᠪᠠ᠃ | |