ᠰᠢᠨ ᠴᠧᠩ ᠵᠡᠭᠡᠯᠢ ᠵᠠᠮ ᠢ ᠬᠠᠶᠢᠷᠠᠯᠠᠵᠤ ᠬᠠᠮᠠᠭᠠᠯᠠᠬᠤ ᠭᠤᠣᠯ ᠰᠡᠳᠦᠪᠲᠦ ᠣᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/5/29
    5 ᠰᠠᠷ᠎ᠠ ᠶᠢᠨ 26 ᠤ ᠡᠳᠦᠷ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠠᠮ ᠢ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ︽5 · 26 ᠵᠠᠮ ᠢ ᠬᠠᠶᠢᠷᠠᠯᠠᠵᠤ ᠬᠠᠮᠠᠭᠠᠯᠠᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠡᠢ᠃    ᠠᠵᠢᠯᠲᠠᠳ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ︽ᠵᠠᠮ ᠢ ᠬᠠᠶᠢᠷᠠᠯᠠᠵᠤ ᠵᠠᠮ ᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠶ ᠬᠤᠪᠢ ᠲᠠᠷᠬᠠᠭᠠᠵᠤ᠂ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ ᠢ ᠬᠦᠯᠢᠴᠡᠩᠭᠦᠶ ᠪᠠᠷ ᠲᠠᠶᠢᠯᠪᠤᠷᠢᠯᠠᠵᠤ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠰᠠᠭᠤᠭᠠᠯᠢ ᠠᠷᠠᠳ ᠲᠤ ᠲᠡᠮᠦᠷ ᠵᠠᠮ ᠳᠠᠭᠠᠤ ᠴᠠᠭᠠᠰᠤᠨ ᠰᠢᠪᠠᠭᠤ ᠲᠠᠯᠪᠢᠵᠤ ᠪᠣᠯᠬᠤ ᠥᠬᠡᠶ ᠭᠡᠵᠦ ᠰᠠᠨᠠᠭᠤᠯᠵᠤ᠂ ᠲᠡᠮᠦᠷ ᠵᠠᠮ ᠤᠨ ᠠᠮᠤᠷ ᠲᠦᠪᠰᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠶᠢ ᠤᠷᠢᠶᠠᠯᠠᠪᠠ᠃    ᠲᠣᠰ ᠤᠳᠠᠭᠠᠨ ᠤ ᠠᠵᠢᠯᠯᠠᠭ᠎ᠠ ᠨᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠠᠭᠤᠭᠠᠯᠢ ᠠᠷᠠᠳ ᠤᠨ ᠵᠠᠮ ᠢ ᠬᠠᠶᠢᠷᠠᠯᠠᠵᠤ ᠬᠠᠮᠠᠭᠠᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠡᠶ᠃ ᠳᠠᠷᠠᠭᠠᠴᠢ ᠶᠢᠨ ᠠᠯᠬᠤᠮ ᠳᠤ᠂ ᠰᠢᠨ ᠴᠧᠩ ᠵᠡᠭᠡᠯᠢ ᠲᠡᠮᠦᠷ ᠵᠠᠮ ᠤᠨ ᠠᠮᠤᠷ ᠲᠦᠪᠰᠢᠨ ᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号