ᠬᠠᠷᠢᠶ᠎ᠠ ᠣᠷᠣᠨ ᠤ ᠰᠠᠭᠤᠭᠠᠯᠢ ᠠᠷᠡᠳ ᠤᠨ ᠵᠠᠮ ᠢ ᠬᠠᠶᠢᠷᠠᠯᠠᠵᠣ ᠬᠠᠮᠠᠭᠠᠯᠠᠬᠤ ᠤᠬᠠᠮᠰᠠᠷ ᠢ ᠲᠡᠭᠡᠭᠰᠢᠯᠠᠬᠦᠯᠵᠤ᠂ | ᠠᠮᠤᠷ ᠲᠦᠪᠰᠢᠨ ᠡᠮᠬᠢ ᠵᠢᠷᠤᠮ ᠲᠠᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ | ᠲᠦᠯᠣᠭᠡ᠂ 5 ᠰᠠᠷ᠎ᠠ ᠶᠢᠨ 27 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠣᠸᠠᠨ | ᠨᠡᠶᠢᠭᠡᠮ ᠲᠣᠭᠤᠷᠢᠭ ᠵᠠᠮ ᠢ ᠬᠠᠶᠢᠷᠠᠯᠠᠵᠣ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠮ ᠢ | ᠬᠠᠶᠢᠷᠠᠯᠠᠵᠣ ᠬᠠᠮᠠᠭᠠᠯᠠᠬᠤ ᠮᠡᠳᠡᠯᠭᠡ ᠶᠢ ᠰᠠᠭᠤᠭᠠᠯᠢ ᠠᠷᠠᠳ ᠲᠤ ᠬᠦᠷᠭᠡᠪᠡ᠃ | ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠭᠤᠯᠣᠬᠴᠢ᠂ ᠰᠠᠶᠢᠨ ᠳᠤᠷᠠᠴᠤᠣᠯ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠲᠡᠮᠦᠷ ᠵᠠᠮ ᠤᠨ ᠠᠮᠤᠷ ᠲᠦᠪᠰᠢᠨ ᠤ | ᠮᠡᠳᠡᠯᠭᠡ ᠶᠢ ᠲᠦᠭᠡᠮᠡᠯᠵᠢᠭᠦᠯᠵᠡᠶ᠃ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠦᠨᠡᠨ ᠪᠣᠳᠠᠲᠠᠶ | ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ︽ᠲᠠᠪᠤᠨ ᠪᠣᠯᠬᠤ ᠦᠭᠡᠢ︾ ᠵᠠᠷᠴᠢᠮ ᠢ ᠭᠤᠤᠯᠳᠠᠯᠭ᠎ᠠ ᠲᠠᠢ | ᠴᠢᠬᠤᠯᠠᠴᠢᠯᠠᠵᠣ᠂ ᠪᠠᠰᠠ ᠰᠠᠭᠤᠭᠠᠯᠢ ᠠᠷᠠᠳ ᠲᠤ ᠲᠡᠮᠦᠷ ᠵᠠᠮ ᠤᠨ ᠠᠮᠤᠷ ᠲᠦᠪᠰᠢᠨ ᠤ ᠳᠠᠯᠳᠠ ᠭᠡᠮ ᠢ | ᠢᠯᠡᠷᠡᠭᠦᠯᠦᠭᠰᠡᠨ ᠵᠥᠪ ᠣᠨᠣᠪᠴᠢᠲᠠᠶ ᠰᠢᠢᠳᠪᠦᠷᠢᠯᠡᠬᠦ ᠠᠷᠭ᠎ᠠ ᠶᠢ ᠲᠠᠨᠢᠯᠴᠠᠭᠤᠯᠵᠤ᠂ ᠤᠯᠠᠨ ᠲᠦᠮᠡᠨ ᠤ ᠵᠠᠮ ᠢ | ᠬᠠᠶᠢᠷᠠᠯᠠᠵᠣ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ | ᠱᠧᠨᠴᠢᠣᠸᠠᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠶᠢ ᠰᠢᠨ᠎ᠡ ᠶᠢ | ᠡᠭᠦᠳᠴᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠵᠠᠮ ᠢ ᠬᠠᠶᠢᠷᠠᠯᠠᠵᠣ ᠬᠠᠮᠠᠭᠠᠯᠠᠬᠤ | ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ | ᠰᠠᠭᠠᠳ ᠥᠬᠡᠶ ᠨᠡᠪᠲᠡᠷᠡᠬᠦ ᠶᠢ ᠬᠠᠮᠲᠤ ᠪᠠᠷ ᠬᠠᠮᠠᠭᠠᠯᠠᠨ᠎ᠠ᠃ |