ᠵᠣᠣ ᠳ᠋ᠧ ᠴᠢᠤᠸᠠᠨ ᠲᠢᠶᠠᠨ ‍ᠣᠣᠢ ᠪᠠᠯᠭᠠᠰᠤᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/29
     5 ᠰᠠᠷ᠎ᠠ ᠶᠢᠨ 27 ᠤ ᠡᠳᠦᠷ᠂ ᠷᠡᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠣᠣ ᠳ᠋ᠧ ᠴᠢᠤᠸᠠᠨ ᠲᠢᠶᠠᠨ ᡂᠢ ᠪᠠᠯᠭᠠᠰᠤ ᠪᠠᠷ ᠭᠦᠨᠵᠡᠭᠡᠶᠢᠷᠡᠵᠦ᠂  ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠣᠳᠣᠬᠠᠨ ᠤ ᠠᠵᠢᠯ ᠤᠨ ᠠᠬᠢᠴᠠ ᠵᠢᠴᠢ ᠦᠷ᠎ᠡ ᠪᠦᠲᠦᠮᠵᠢ ᠶᠢ ᠰᠣᠨᠣᠰᠤᠭᠰᠠᠨ ᠪᠥᠭᠡᠳ ︽ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ︾ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠢᠶᠠᠨ ᡂᠢ ᠪᠠᠯᠭᠠᠰᠤ᠂ ᠲᠢᠶᠠᠨ ᡂᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠠᠴᠠ ᠰᠠᠨᠠᠯ ᠬᠤᠷᠢᠶᠠᠪᠠ᠃    ᠵᠤᠤ ᠳ᠋ᠧ ᠴᠢᠤᠸᠠᠨ ᠲᠢᠶᠠᠨ ᡂᠢ ᠪᠠᠯᠭᠠᠰᠤᠨ ᠤ ᠣᠳᠣᠬᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠣᠳᠣᠷᠢᠳᠬᠤ ᠪᠠᠭ ᠤᠨ ᠬᠢᠨ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠰᠠᠶᠢᠲᠤᠷ ᠬᠢᠵᠦ᠂ ᠠᠰᠠᠭᠤᠳᠠᠯ  ᠪᠣᠯᠣᠨ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ 38 ᠵᠦᠢᠯ ᠤᠨ ︽ᠠᠷᠬᠠᠭ ᠭᠡᠮ ᠢ ᠵᠠᠯᠠᠷᠠᠭᠤᠯᠤᠨ ᠵᠠᠰᠠᠬᠤ ︾ ᠬᠡᠷᠡᠭᠲᠡᠢ᠃ ᠬᠤᠶᠠᠷ ᠲᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ᠭᠤᠷᠪᠠ ᠳᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠦᠨᠳᠦᠰᠦᠨ ᠪᠠᠷᠢᠮᠵᠢᠶ᠎ᠠ ᠪᠣᠯᠭᠠᠵᠤ᠂ ᠡᠭᠦᠳᠡ ᠪᠠᠨ ᠨᠡᠭᠡᠭᠡᠬᠦ ᠬᠥᠮᠦᠵᠢᠯ ᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠬᠡᠷᠡᠭᠲᠡᠶ᠃ ᠲᠦᠷᠪᠡ ᠳᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠲᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠰᠤᠷᠲᠠᠯ ᠢ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠡᠳ᠋ ᠤᠨ ᠶᠠᠪᠤᠳᠠᠯ ᠤᠨ ᠬᠢᠨᠠᠨ ᠵᠥᠪᠰᠢᠶᠡᠷᠡᠯ᠂ ᠲᠦᠷᠦᠯ ᠵᠦᠢᠯ ᠤᠨ  ᠪᠦᠳᠣᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠵᠢᠯᠯᠠᠭᠠᠨ ᠤ ᠶᠠᠪᠤᠴᠠ ᠶᠢ ᠨᠠᠷᠢᠯᠢᠬᠵᠢᠭᠤᠯᠵᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠪᠠᠲᠤᠯᠠᠬᠤ ᠬᠡᠷᠡᠭᠲᠡᠶ ᠭᠡᠵᠣ ᠴᠢᠬᠤᠯᠠᠴᠢᠯᠡᠪᠡ᠃    ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ  ᠤᠨ ᠪᠠᠶᠢᠳᠡᠯ ᠢ ᠰᠣᠨᠣᠰᠴᠤ ᠵᠢᠭᠠᠨ ᠵᠢᠯᠣᠭᠤᠳᠪᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号