ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ | ᠦᠷᠭᠦᠯᠵᠢᠯᠡᠨ ᠭᠦᠨᠵᠡᠭᠡᠢ ᠠᠬᠢᠭᠤᠯᠵᠣ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ | ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 26 ᠤ | ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠬᠢᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠬᠤᠷᠠᠯ | ᠬᠤᠷᠠᠯᠳᠤᠭᠤᠯᠪᠠ᠃ ᠨᠠᠮ ᠤᠨ ᠠᠵᠢᠯ ᠤᠨ ᠬᠤᠷᠢᠶᠠᠨ ᠤ ᠱᠦᠵᠢ ᠠᠨ ᠰᠢᠤ ᠬᠤᠩ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ︽ᠭᠤᠷᠪᠡᠨ ᠠᠯᠪᠠᠨ ᠬᠡᠷ ᠨᠢᠭᠡ ᠲᠥᠪ︾ | ᠤᠨ ᠬᠠᠷᠢᠭᠤᠴᠠᠯᠭᠠᠲᠠᠨ᠂ ᠪᠠᠶᠢᠭᠤᠯᠭ᠎ᠠ ᠨᠢᠭᠡᠴᠢ ᠶᠢᠨ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠨᠠᠮ ᠤᠨ | ᠭᠡᠰᠢᠭᠦᠨ ᠵᠢᠴᠢ ᠵᠠᠯᠠᠭᠤ ᠺᠠᠳ᠋ᠷ ᠬᠤᠷᠠᠯ ᠳᠤ ᠣᠷᠣᠯᠴᠠᠵᠠᠶ᠃ | ᠬᠤᠷᠠᠯ ᠠᠴᠠ᠂ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠶᠡᠷᠦᠩᠬᠡᠢ ᠱᠦᠵᠢ ᠶᠢᠨ | ᠤᠢᠢᠷ᠎ᠠ ᠶᠢᠨ ᠬᠤᠭᠤᠴᠠᠭᠠᠨ ᠤ ᠡᠯ᠎ᠡ ᠮᠤᠵᠢ ᠬᠤᠳᠠ ᠣᠷᠣᠨ ᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠼᠠᠢ ᠴᠢ ᠨᠥᠬᠦᠷ ᠤᠨ ᠨᠠᠮ ᠤᠨ ᠲᠦᠪ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠪᠠᠭ᠎ᠠ ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ | ᠬᠡᠯᠲᠡᠰ ᠤᠨ ᠳᠠᠷᠤᠭ᠎ᠠ ᠶᠢᠨ ᠰᠤᠷᠤᠯᠴᠠᠯᠭ᠎ᠠ ᠬᠥᠮᠦᠵᠢᠯ ᠤᠨ ᠵᠢᠯᠤᠭᠤᠳᠤᠯᠭ᠎ᠠ ᠪᠣᠯᠪᠠᠰᠤᠷᠠᠯ ᠤᠨ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠵᠡᠷᠭᠡ ᠬᠠᠮᠤᠭ ᠤᠨ ᠰᠢᠨ᠎ᠡ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠨᠢᠮᠪᠡᠢ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠢ ᠵᠢᠯᠣᠭᠤᠳᠴᠤ ᠦᠵᠡᠯ ᠰᠠᠨᠠᠭ᠎ᠠ ᠪᠠᠨ ᠪᠠᠬᠢᠵᠢᠭᠦᠯᠬᠦ ᠶᠢ | ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠰᠠᠭᠤᠳᠠᠯ ᠢ ᠪᠠᠶᠢᠴᠠᠭᠠᠨ ᠢᠯᠡᠷᠡᠬᠦᠯᠬᠦ ᠶᠢ ᠢᠮᠠᠭᠲᠠ ᠲᠤᠭᠤᠰᠢᠯᠠᠭᠤᠯᠵᠤ᠂ | ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠭᠡᠷᠡᠭᠳᠡᠢ᠃ ᠴᠡᠭᠴᠡᠯᠡᠨ | ᠰᠠᠶᠢᠵᠢᠷᠠᠭᠤᠯᠬᠤ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ ᠠᠳᠬᠤᠵᠤ᠂ ᠵᠡᠭᠡᠯᠢ ᠶᠢᠨ ᠠᠵᠢᠯ ᠤᠨ ᠴᠢᠬᠤᠯᠠ ᠶᠡᠭᠡ | ᠡᠭᠦᠷᠭᠡ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠲᠠᠬᠢᠨ | ᠢᠯᠡᠷᠡᠬᠦ ᠠᠴᠠ ᠰᠡᠷᠭᠡᠶᠢᠯᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠶᠢ ᠪᠠᠷᠢᠮᠲᠠᠯᠠᠵᠤ᠂ ᠰᠤᠷᠤᠯᠴᠠᠯᠭ᠎ᠠ | ᠬᠥᠮᠦᠵᠢᠯ ᠤᠨ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠰᠠᠨᠠᠯ ᠢ | ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠠᠰᠠᠭᠤᠳᠠᠯ ᠤᠨ ᠡᠭᠡ ᠲᠠᠩᠰᠠ ᠶᠢᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ ᠬᠠᠷᠢᠭᠤ ᠲᠤᠰᠬᠠᠭᠰᠠᠨ ᠠᠰᠠᠭᠤᠳᠠᠯ ᠪᠠ ᠰᠠᠨᠠᠭᠤᠯᠭ᠎ᠠ ᠶᠢ ᠲᠦᠷᠦᠯ | ᠬᠤᠪᠢᠶᠠᠨ ᠡᠮᠬᠢᠯᠡᠵᠦ᠂ ᠵᠦᠢᠯ ᠳᠠᠷᠠᠭᠠᠯᠠᠨ ᠳᠠᠩᠰᠠᠯᠠᠵᠤ᠂ ᠬᠠᠷᠢᠭᠤᠴᠠᠯᠭᠠᠲᠠᠨ ᠪᠠ ᠴᠡᠭᠴᠡᠯᠡᠨ ᠰᠠᠶᠢᠵᠢᠷᠠᠭᠤᠯᠬᠤ | ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ | ᠨᠠᠶᠢᠳᠠᠪᠤᠷᠢᠵᠢᠭᠤᠯᠬᠤ︾ ᠬᠡᠷᠡᠭᠲᠡᠢ᠃ ᠲᠦᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠴᠢᠩᠭᠠᠳᠬᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ | ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠲᠦᠷᠢᠮ ᠤᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠵᠦ᠂ | ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠠᠳᠠᠭᠠᠰᠣᠨ︾ ᠤ ᠵᠣᠷᠢᠭ ᠰᠠᠨᠠᠭ᠎ᠠ ᠪᠠᠷ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠣ | ᠴᠢᠬᠤᠯᠠᠴᠢᠯᠡᠪᠡ᠃ |