ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/29
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ︽ᠡᠭᠡᠯ ᠠᠷᠠᠳ ᠤᠨ ᠡᠷᠦᠬᠡ ᠪᠠᠷ ᠬᠦᠨᠵᠡᠭᠡᠶᠢᠷᠡᠬᠦ︾ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠪᠠᠷ ᠬᠦᠷᠴᠣ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︾ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠲᠤᠬᠠᠶ ᠲᠠᠨᠢᠯᠲᠠ ᠪᠠ ᠣᠶᠢᠯᠠᠭᠠᠯᠲᠠ ᠪᠠᠨ ᠦᠨᠡᠨ ᠬᠦ ᠴᠢᠩᠭᠠᠳᠬᠠᠪᠠ᠃    ᠵᠠᠯᠭᠠᠭᠠᠳ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠬᠠᠭᠤᠯᠭ᠎ᠠ ᠶᠢᠨ ᠬᠡᠯᠪᠡᠷᠢ ᠶᠢ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠠᠬᠢᠭᠤᠯᠤᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号