5 ᠰᠠᠷ᠎ᠠ ᠶᠢᠨ 26 ᠤ ᠡᠳᠦᠷ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ | ᠡᠭᠦᠷ ︽ᠬᠡᠷᠡᠭ ᠢᠶᠠᠷ ᠲᠣᠯᠢ ᠪᠣᠯᠭᠠᠨ ᠴᠢᠩᠭ᠎ᠠ ᠰᠡᠷᠡᠮᠵᠢᠯᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ ᠣᠭ | ᠰᠠᠨᠠᠭ᠎ᠠ ᠪᠠᠨ ᠣᠶᠢᠯᠡᠳᠦᠯᠭᠡᠵᠢᠭᠦᠯᠬᠦ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠵᠠᠯᠠᠭᠤ | ᠺᠠᠳ᠋ᠷᠴᠤᠳ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠥᠷᠨᠢᠭᠦᠯᠪᠡ᠃ ᠬᠤᠳᠡ ᠶᠢᠨ ᠵᠠᠰᠠᠭ ᠤᠨ ᠣᠷᠳᠣᠨ ᠤ | ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠶᠢᠩ ᠴᠢ ᠨᠥᠬᠦᠷ | ᠬᠤᠷᠡᠯ ᠢ ᠡᠷᠭᠢᠯᠡᠵᠦ᠂ ᠣᠳᠣᠷᠢᠳᠬᠤ ᠪᠠᠭ ᠤᠨ ᠪᠦᠷᠢᠯᠳᠦᠬᠦᠨ᠂ ᠪᠥᠬᠦ ᠨᠠᠮ ᠤᠨ ᠭᠡᠰᠢᠭᠦᠨ ᠵᠢᠴᠢ ᠵᠠᠯᠠᠭᠤ ᠺᠠᠳ᠋ᠷ | ᠲᠣᠰ ᠠᠵᠢᠯᠯᠠᠭ᠎ᠠ ᠳᠤ ᠣᠷᠣᠯᠴᠠᠵᠠᠶ᠃ | ᠬᠤᠷᠠᠯ ᠳᠡᠭᠡᠷ᠎ᠡ᠂ ︽ᠢᠯᠵᠠᠷᠠᠯ ᠢ ᠡᠰᠡᠷᠭᠦᠴᠡᠵᠦ ᠠᠷᠠᠳ ᠲᠦᠮᠡᠨ ᠤ ᠲᠥᠯᠥᠭᠡ︾ ᠭᠡᠬᠦ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ︽ᠬᠡᠷᠡᠭ ᠢᠶᠠᠷ | ᠰᠠᠬᠢᠯᠭ᠎ᠠ ᠪᠠᠲᠤ ᠶᠢ ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠶᠢ ᠲᠣᠳᠣᠷᠬᠠᠶᠢᠯᠠᠬᠤ︾ ᠪᠠᠷ ᠳᠠᠮᠵᠢᠭᠤᠯᠤᠨ᠂ ᠵᠠᠯᠠᠭᠤ | ᠺᠠᠳ᠋ᠷᠴᠤᠳ ᠢ ᠬᠤᠷᠢᠭ᠎ᠠ ᠱᠤᠭᠤᠮ ᠢ ᠰᠠᠬᠢᠬᠤ ᠶᠢ ᠲᠠᠶᠢᠴᠢᠯᠡᠨ ᠵᠢᠯᠣᠭᠤᠳᠪᠠ᠃ ᠬᠤᠷᠠᠯ ᠳᠤ ᠣᠷᠣᠯᠴᠠᠭᠰᠠᠨ ᠵᠠᠯᠠᠭᠤ | ᠺᠠᠳ᠋ᠷᠴᠤᠳ᠂ ᠲᠤᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠰᠤᠷᠲᠠᠯ ᠤᠨ | ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠵᠦ᠂ ᠷᠠᠰᠢᠶᠠᠨ ᠬᠤᠳᠠ ᠶᠢᠨ ᠡᠯ᠎ᠡ ᠵᠦᠢᠯ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃ | ᠬᠤᠷᠠᠯ ᠠᠴᠠ᠂ ᠪᠦᠬᠦ ᠺᠠᠳ᠋ᠷᠴᠤᠳ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ | ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠠᠶᠢᠳᠣᠷ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ | ᠪᠠᠲᠤ ᠴᠡᠭᠡᠵᠢᠯᠡᠵᠦ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ | ᠵᠤᠵᠠᠭᠠᠳᠬᠠᠵᠤ᠂ ᠳᠡᠷᠭᠡᠳᠡᠬᠢ ᠬᠡᠷᠡᠭ ᠤᠨ ᠵᠢᠱᠢᠶ᠎ᠡ ᠪᠠᠷ ︽ᠲᠣᠯᠢ︾ ᠪᠣᠯᠭᠠᠵᠤ᠂ ᠨᠠᠵᠠᠭᠠᠶᠢᠷᠠᠨ ᠬᠤᠶᠢᠷᠭᠤᠰᠢᠬᠤ᠂ | ᠤᠶᠤᠨ ᠰᠠᠨᠠᠭ᠎ᠠ ᠬᠤᠭᠤᠰᠣᠷᠡᠬᠤ᠂ ᠵᠢᠷᠭᠠᠨ ᠴᠡᠩᠭᠡᠬᠦ ᠶᠢ ᠬᠥᠭᠡᠭᠡᠴᠡᠯᠳᠦᠬᠦ ᠵᠡᠷᠭᠡ ᠮᠠᠭᠤ ᠦᠢᠯᠡ ᠠᠵᠢᠯᠯᠠᠭ᠎ᠠ ᠶᠢ | ᠡᠷᠡᠰ ᠬᠤᠷᠢᠭᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢᠨ ᠬᠠᠮᠲᠤ ᠦᠨᠡᠨ ᠬᠦ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ︽ᠰᠡᠷᠡᠮᠵᠢ ᠶᠢᠨ ᠬᠤᠩᠬᠤ︾ ᠶᠢ ᠪᠠᠶᠢᠩᠭᠤ ᠲᠣᠣᠭᠠᠷᠴᠣ᠂ ᠢᠯᠵᠠᠷᠠᠯ ᠢ | ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ | ᠬᠡᠷᠡᠭᠲᠡᠶ ᠬᠡᠵᠣ ᠴᠢᠬᠤᠯᠠᠴᠢᠯᠡᠪᠡ᠃ |