| ᠣᠶᠢᠷ᠎ᠠ ᠳᠤ᠂ ᠷᠠᠰᠢᠶᠠᠨ ᠬᠤᠲᠠ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠡ᠃ | ᠬᠤᠷᠡᠯ ᠲᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠦᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠩᠭᠠᠨ ᠠᠶᠢᠮᠠᠭ ᠲᠤ ᠣᠷᠣᠵᠤ ᠰᠠᠭᠤᠬᠤ ᠠᠭᠤᠯᠵᠠᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠳᠠᠷᠤᠮᠠᠯᠯᠠᠨ ᠲᠠᠷᠬᠠᠭᠠᠭᠰᠠᠨ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠪᠥᠬᠦ ᠬᠤᠲᠠ ᠶᠢᠨ ᠨᠠᠮ ᠤᠨ | ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠢᠩᠭᠠᠨ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠰᠤᠷᠤᠯᠴᠠᠯᠭ᠎ᠠ ᠬᠥᠮᠦᠵᠢᠯ ᠤᠨ ︽ᠵᠢᠷᠭᠤᠭᠠᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ | ᠪᠣᠳᠠᠲᠠᠢ ᠨᠠᠶᠢᠳᠡᠪᠣᠷᠢᠵᠢᠭᠤᠯᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ᠂ ᠢᠮᠠᠭᠲᠠ ᠵᠡᠷᠭᠡᠪᠷ ᠠᠳᠬᠤᠵᠤ ᠬᠠᠮᠲᠣᠪᠡᠷ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠪᠣᠯᠤᠨ | ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠦᠨᠡᠨ ᠬᠦ ᠪᠦᠷᠢᠯᠳᠦᠭᠦᠯᠵᠦ᠂ ᠰᠤᠷᠤᠯᠴᠠᠯᠭ᠎ᠠ ᠬᠥᠮᠦᠵᠢᠯ ᠢ ᠬᠠᠰᠢ | ᠶᠠᠰᠢ᠂ ᠬᠡᠯᠪᠡᠷᠢ ᠶᠢᠨ ᠲᠡᠳᠦᠢ ᠪᠠᠶᠢᠯᠭᠠᠵᠤ ᠪᠤᠯᠬᠤ ᠦᠭᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠥᠪᠡᠷ ᠤᠨ ᠭᠤᠣᠯ | ᠬᠠᠷᠢᠭᠤᠴᠠᠯᠭ᠎ᠠ ᠭᠤᠣᠯ ᠠᠵᠢᠯ ᠪᠣᠯᠭᠠᠬᠤ ᠶᠢ ᠢᠮᠠᠭᠲᠠ ᠪᠠᠲᠤ ᠴᠡᠭᠡᠵᠢᠯᠡᠵᠦ᠂ ᠰᠤᠷᠤᠯᠴᠠᠯᠭ᠎ᠠ ᠬᠥᠮᠦᠵᠢᠯ ᠢ | ᠣᠳᠣᠬᠠᠨ ᠤ ᠭᠤᠣᠯᠳᠠᠯᠭᠠᠳᠣ ᠠᠵᠢᠯ ᠲᠠᠢ ᠨᠢᠭᠲᠠ ᠤᠶᠠᠯᠳᠤᠭᠤᠯᠣᠨ᠂ ᠨᠠᠮ ᠤᠨ ᠲᠦᠪ ᠬᠤᠷᠢᠶᠠᠨ ᠤ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠠᠮ | ᠤᠨ ᠲᠦᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ | ᠵᠡᠷᠭᠡ ᠠᠵᠢᠯ ᠲᠠᠢ ᠤᠶᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠪᠠ | ᠢᠯᠵᠠᠷᠠᠯ ᠤᠨ ᠠᠰᠠᠭᠤᠳᠠᠯ ᠢ ᠨᠢᠭᠡ ᠴᠤᠬᠴᠠᠵᠢᠭᠤᠯᠤᠨ ᠠᠬᠢᠭᠤᠯᠬᠤ ᠲᠠᠢ ᠤᠶᠠᠯᠳᠤᠭᠤᠯᠵᠤ᠂ ᠰᠤᠷᠤᠯᠴᠠᠯᠭ᠎ᠠ | ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠡᠯ᠎ᠡ ᠵᠦᠢᠯ ᠤᠨ ᠠᠵᠢᠯ ᠢ ᠠᠬᠢᠭᠤᠯᠬᠤ ᠬᠦᠴᠦᠲᠡᠢ ᠠᠷᠭ᠎ᠠ | ᠬᠡᠮᠵᠢᠶ᠎ᠡ ᠪᠣᠯᠭᠠᠵᠤ᠂ ᠰᠤᠷᠤᠯᠴᠠᠯᠭ᠎ᠠ ᠬᠥᠮᠦᠵᠢᠯ ᠪᠣᠯᠤᠨ ᠭᠤᠣᠯ ᠠᠵᠢᠯ ᠤᠨ ︽ᠬᠤᠶᠠᠷ ᠢ ᠠᠬᠢᠭᠤᠯᠣᠨ᠂ ᠬᠤᠶᠠᠷ ᠢ | ᠳᠡᠭᠡᠭᠰᠢᠯᠡᠭᠦᠯᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠡᠪᠡ᠃ | |