ᠡᠷᠬᠢᠮᠲᠦ ᠬᠠᠢ ᠱᠧᠨ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/30
    5 ᠰᠠᠷ᠎ᠠ ᠶᠢᠨ 27 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠬᠠᠶ ᠱᠧᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠹᠧᠩ ᠰᠢᠶᠦ᠋ᠩ ᠨᠠᠷ ᠲᠠᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ᠃ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠯᠠᠭᠤᠨ ᠷᠠᠰᠢᠶᠠᠨ ᠤ ᠡᠬᠢ ᠪᠠᠶᠠᠯᠢᠭ ᠢ ᠬᠠᠮᠲᠤᠷᠠᠯᠴᠠᠨ ᠨᠡᠭᠡᠭᠡᠨ ᠬᠥᠭᠵᠢᠭᠦᠯᠬᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠶᠠᠪᠤᠳᠠᠯ ᠤᠨ ᠲᠣᠭᠤᠷᠢᠨ ᠳᠤ ᠨᠠᠷᠢᠨ ᠨᠢᠭᠲᠠ ᠶᠠᠷᠢᠯᠴᠠᠨ ᠰᠤᠳᠤᠯᠵᠠᠢ᠃ ᠡᠷᠬᠢᠮᠳᠣ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠᠬᠢ ᠬᠦᠴᠢᠷ ᠲᠦᠪᠳᠡᠭᠳᠡᠢ ᠠᠰᠠᠭᠤᠳᠠᠯ ᠢ ᠬᠠᠨᠳᠤᠯᠭ᠎ᠠ ᠲᠠᠢ ᠪᠠᠷ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ᠃ ᠳᠡᠯᠡᠬᠡᠢ ᠶᠢᠨ ᠳᠡᠰ ᠤᠨ  ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠬᠠᠯᠠᠭᠤᠨ ᠷᠠᠰᠢᠶᠠᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠪᠠᠷᠢᠮᠲᠠᠯᠠᠵᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠣᠨ᠂ ᠬᠠᠯᠠᠭᠤᠨ ᠷᠠᠰᠢᠶᠠᠨ ᠤ ᠠᠵᠤ ᠦᠢᠯᠡᠰ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠤᠯᠣᠨ ᠲᠡᠰ ᠳᠡᠪᠰᠢᠬᠦᠯᠬᠦ ᠶᠢ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠨᠡᠩ ᠤᠯᠠᠨ ᠨᠡᠩ ᠰᠠᠶᠢᠨ ᠬᠦᠷᠲᠡᠭᠡᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ  ᠴᠢᠬᠤᠯᠠᠴᠢᠯᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号