4 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ | ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ | ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠨᠠᠷ ᠪᠡᠭᠡᠵᠢᠩ | ᠬᠤᠲᠠ ᠪᠠᠷ ᠬᠦᠷᠴᠦ ᠬᠠᠮᠲᠤᠷᠠᠯᠴᠠᠭ᠎ᠠ ᠰᠣᠯᠢᠯᠴᠠᠭ᠎ᠠ ᠬᠢᠪᠡ᠃ | ᠪᠡᠭᠡᠵᠢᠩ ᠤᠨ ᠤᠢ ᠰᠢᠭᠤᠶ ᠶᠢᠨ ᠶᠡᠭᠡ ᠰᠤᠷᠭᠠᠭᠤᠯᠢ ᠳᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠯᠳᠡ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠪᠠᠶᠢᠳᠠᠯ ᠢ ᠲᠤᠬᠠᠢ ᠶᠢᠨ | ᠭᠠᠵᠠᠷ ᠲᠤᠨᠢ ᠤᠢᠢᠯᠠᠭᠠᠭᠰᠠᠨ ᠪᠥᠭᠡᠳ ᠡᠯ᠎ᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ | ᠰᠣᠯᠢᠯᠴᠠᠪᠠ᠃ ᠰᠦᠨ ᠱᠣ᠋ ᠲᠤᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ | ᠪᠡᠭᠡᠵᠢᠩ ᠤᠨ ᠤᠢ ᠰᠢᠭᠤᠶ ᠶᠢᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢᠬᠢ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠬᠡᠵᠦ᠂ ᠳᠠᠷᠠᠭᠠᠴᠢ ᠶᠢᠨ ᠠᠯᠬᠤᠮ ᠳᠤ ᠪᠡᠭᠡᠵᠢᠩ ᠤᠨ ᠤᠢ ᠰᠢᠭᠤᠶ ᠶᠢᠨ ᠶᠡᠭᠡ | ᠰᠤᠷᠭᠠᠭᠤᠯᠢ ᠶᠢᠨ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠷᠠᠰᠢᠶᠠᠨ ᠬᠤᠳᠠ ᠲᠠᠢ | ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠬᠤ᠂ ︽ᠰᠤᠷᠭᠠᠭᠤᠯᠢ ᠪᠠ ᠣᠷᠣᠨ ᠨᠤᠲᠤᠭ ᠬᠠᠮᠵᠢᠯᠴᠠᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ︾ ᠢ ᠪᠠᠶᠢᠭᠤᠯᠬᠤ᠂ ᠤᠷᠭᠤᠮᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠵᠡᠷᠭᠡ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠶᠢᠨ ᠮᠠᠨ ᠪᠠᠭᠰᠢ ᠶᠢᠨ ᠠᠵᠢᠯᠯᠠᠬᠤ ᠲᠠᠰᠤᠭ᠂ ᠬᠠᠮᠢᠭ᠎ᠠ ᠣᠴᠢᠬᠤ ᠰᠦᠯᠵᠢᠶᠡᠨ ᠤ ᠪᠦᠯᠦᠭᠯᠡᠯ᠂ ᠲᠦᠸᠧ | ᠲᠦᠸᠧ ᠠᠵᠢᠯᠴᠢᠨ ᠤ ᠬᠤᠷᠰᠢᠶ᠎ᠠ ᠵᠡᠷᠭᠡ ᠠᠵᠤ ᠠᠬᠤᠶᠢᠯᠠᠯ ᠳᠤ᠂ 4 ᠰᠠᠷ᠎ᠠ ᠶᠢᠨ ᠡᠬᠢᠨ ᠢᠶᠠᠷ ᠪᠡᠭᠡᠵᠢᠩ ᠤᠨ | ᠪᠦᠯᠬᠦᠮ ᠷᠠᠰᠢᠶᠠᠨ ᠢᠶᠠᠷ ᠰᠢᠨᠵᠢᠯᠡᠨ ᠪᠠᠶᠢᠴᠠᠭᠠᠵᠤ ᠰᠤᠳᠤᠯᠤᠭᠰᠠᠨ ᠦᠷ᠎ᠡ ᠪᠦᠲᠦᠭᠡᠯ ᠤᠨ ᠲᠣᠭᠤᠷᠢᠨ ᠳᠤ ᠭᠦᠨᠵᠡᠭᠡᠢ | ᠰᠠᠨᠠᠯ ᠢᠶᠠᠨ ᠰᠣᠯᠢᠯᠴᠠᠨ ᠵᠣᠯᠭᠠᠭᠤᠯᠴᠠᠭᠠ ᠬᠢᠪᠡ᠃ ᠠᠵᠤ ᠠᠬᠤᠶᠢᠯᠠᠯ ᠤᠨ ᠬᠢᠨ ᠢᠯᠡᠷᠬᠡᠶᠢᠯᠡᠬᠦ ᠳᠡᠭᠡᠨ᠂ ᠣᠷᠭᠠᠨᠢᠭ | ᠲᠠᠷᠢᠶᠠᠯᠠᠩ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ︽ᠯᠢᠨ ᠳ᠋ᠦ᠋ ᠨᠡᠷᠡᠮᠵᠢᠲᠦ︾ | ᠵᠢᠭᠤᠯᠴᠢᠯᠠᠯ ᠤᠨ ᠭᠠᠯᠲᠤ ᠲᠡᠷᠭᠡ ᠨᠡᠪᠲᠡᠷᠡᠬᠦ ᠶᠢ ᠢᠳᠡᠪᠬᠢᠲᠡᠶ ᠳᠥᠯᠭᠢᠨ ᠠᠬᠢᠭᠤᠯᠬᠤ ᠶᠢᠨ ᠬᠠᠮᠲᠤ 2025 ᠣᠨ ᠳᠤ | ᠷᠠᠰᠢᠶᠠᠨ ᠳᠠᠬᠢ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠤᠨ ᠠᠵᠢᠯᠯᠠᠭ᠎ᠠ ᠶᠢᠨ ᠬᠤᠭᠤᠴᠠᠭᠠᠨ ᠳᠤ ︽ᠢ | ᠶᠠᠩ ᠵᠢᠭᠤᠯᠴᠢᠯᠠᠯ︾ ᠤᠨ ᠠᠵᠢᠯᠯᠠᠭ᠎ᠠ ᠨᠡᠶᠢᠲᠡᠯᠡᠬᠦ ᠪᠠᠷ ᠲᠥᠯᠥᠪᠯᠡᠵᠦ ᠪᠠᠶᠢᠨ᠎ᠠ ᠭᠡᠵᠡᠶ᠃ ᠶᠠᠷᠢᠯᠴᠠᠬᠤ ᠬᠤᠷᠠᠯ ᠤᠨ | ᠳᠠᠷᠠᠭ᠎ᠠ ᠬᠠᠮᠢᠭ᠎ᠠ ᠣᠴᠢᠬᠤ ᠰᠦᠯᠵᠢᠶᠠᠨ ᠤ ᠪᠦᠯᠥᠭᠯᠡᠯ ᠲᠠᠢ ︽ᠷᠠᠰᠢᠶᠠᠨ ᠤ ᠵᠢᠭᠤᠯᠴᠢᠯᠠᠯ ᠤᠨ ᠴᠢᠨᠠᠷ ᠰᠠᠶᠢᠲᠠᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠯᠡᠯᠴᠡᠭᠡᠷ︾ ᠲᠣᠭᠲᠠᠭᠠᠵᠠᠢ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠵᠣᠣ ᠫᠧᠩ ᠴᠢ᠂ ᠷᠠᠰᠢᠶᠠᠨ | ᠬᠤᠲᠠ ᠶᠢᠨ ᠳᠡᠳ᠋ ᠳᠠᠷᠤᠭ᠎ᠠ ᠪᠠᠶ ᠹᠧᠩ ᠵᠡᠷᠭᠡ ᠨᠥᠬᠦᠳ ᠬᠠᠮᠳᠣᠷᠡᠯᠴᠠᠭ᠎ᠠ ᠰᠣᠯᠢᠯᠴᠠᠭᠠᠨ ᠤ ᠠᠵᠢᠯᠯᠠᠭ᠎ᠠ ᠳᠤ | ᠣᠷᠣᠯᠴᠠᠪᠠ᠃ |