ᠶᠠᠩ ᠶᠦᠩ ᠵᠢᠦ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2025/5/6
    5 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠠᠶᠤᠯᠭᠦᠢ ᠦᠢᠯᠡᠳᠪᠦᠷᠢᠯᠡᠯ᠂ ᠠᠵᠢᠯ ᠤᠨ ᠪᠠᠶᠢᠷᠢ ᠪᠠᠨ ᠵᠢᠵᠢᠭᠦᠷᠯᠡᠨ ᠰᠠᠬᠢᠬᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ᠂ ᠪᠡᠯᠡᠳᠬᠡᠯ ᠠᠵᠢᠯ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠶᠠᠩ ᠶᠦᠩ ᠵᠢᠦ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠡᠯ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠣ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠨᠠᠷᠢᠨ ᠬᠢᠨᠠᠮᠠᠭᠠᠢ ᠯᠠᠪᠯᠠᠨ ᠠᠰᠠᠭᠤᠪᠡ᠃ ᠲᠠᠷᠡ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠦᠬᠦᠨ ᠢ ᠲᠣᠳᠣᠷᠬᠠᠢ ᠣᠶᠢᠯᠠᠭᠠᠵᠤ︾ ᠬᠡᠷᠡᠭᠵᠢᠭᠦᠯᠬᠦ ᠬᠦᠴᠦᠨ ᠢᠶᠠᠷ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠢ ᠨᠠᠷᠢᠯᠢᠭ ᠠᠳᠬᠤᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠣᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ ᠪᠣᠯᠤᠨ ᠠᠵᠢᠯ ᠤᠨ ᠪᠠᠶᠢᠷᠢ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠸᠧᠨᠴᠢᠤᠸᠠᠨ ᠵᠡᠭᠡᠯᠢ ᠶᠢᠨ ᠴᠠᠭᠳᠠᠭᠠᠨ ᠤ ᠶᠠᠪᠤᠳᠠᠯ ᠤᠨ ᠶᠡᠷᠦᠩᠬᠡᠢ ᠦᠢᠯᠡᠴᠢᠯᠡᠭᠡᠨ ᠤ ᠦᠷᠳᠡᠭᠡ ᠳᠤ᠂ ᠶᠠᠩ ᠶᠦᠩ ᠵᠢᠦ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠲᠣᠬᠤᠨᠢᠭᠤᠯᠪᠠ᠃ ᠲᠡᠷᠡ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠪᠠ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠣᠨ ᠰᠤᠷᠤᠯᠴᠠᠭᠤᠯᠵᠤ ᠬᠥᠮᠦᠵᠢᠬᠦᠯᠬᠦ ᠲᠠᠢ ᠤᠶᠠᠯᠳᠤᠭᠤᠯᠵᠤ᠂ ᠰᠠᠬᠢᠯᠭ᠎ᠠ ᠪᠠᠲᠤ ᠣᠪᠣᠷ ᠰᠤᠷᠲᠠᠯ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠶᠢᠨ ᠠᠷᠬᠠᠭ ᠭᠡᠮ ᠢ ᠬᠦᠴᠦᠯᠡᠨ ᠴᠡᠭᠴᠡᠯᠡᠨ ᠵᠠᠰᠠᠵᠤ᠂ ᠡᠩᠨᠡᠭᠡᠨ ᠤ ᠨᠢᠭᠲᠠᠷᠠᠯ ᠤᠨ ᠬᠦᠴᠦᠨ᠂ ᠬᠠᠮᠳᠣᠷᠡᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃    ᠸᠠᠨ ᠬᠤᠤ ᠵᠣᠴᠢᠳ ᠤᠨ ᠪᠠᠭᠤᠳᠠᠯ ᠳᠤ᠂ ᠶᠠᠩ ᠶᠦᠩ ᠵᠢᠦ᠂ ︽ᠵᠢᠭᠤᠯᠴᠢᠯᠠᠬᠴᠢᠳ ᠢ ᠬᠦᠨᠳᠣᠯᠠᠬᠦ︾ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠷᠢᠯᠢᠬᠵᠢᠬᠰᠠᠨ᠂ ᠬᠥᠮᠥᠡᠴᠢᠯᠡᠭᠰᠠᠨ ᠦᠢᠯᠡᠴᠢᠯᠡᠭᠡᠨ ᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠵᠢᠭᠤᠯᠴᠢᠯᠠᠬᠴᠢᠳ ᠤᠨ ᠣᠶᠢᠯᠠᠭᠠᠯᠲᠠ ᠶᠢᠨ ᠲᠦᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠴᠢᠩᠭᠠᠳᠬᠠᠵᠤ᠂ ︽ᠳᠤᠯᠠᠭᠠᠨ ᠷᠠᠰᠢᠶᠠᠨ︾ ᠭᠡᠬᠦ ᠵᠢᠭᠤᠯᠴᠢᠯᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠨᠡᠩ  ᠠᠯᠳᠡᠷᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠯᠦ ᠵᠢᠶᠤᠤ ᠸᠠᠨ ᠬᠠᠯᠠᠭᠤᠨ ᠷᠠᠰᠢᠶᠠᠨ ᠤ ᠠᠮᠠᠷᠠᠯᠲᠠ ᠶᠢᠨ ᠬᠤᠸᠠᠷᠠᠨ ᠳᠤ᠂ ᠶᠠᠩ ᠶᠦᠩ ᠵᠢᠦ ᠲᠠᠯᠠᠪᠣᠷ ᠭᠠᠵᠡᠷ  ᠤᠨ ᠠᠬᠤᠢ ᠪᠠᠶᠢᠳᠡᠯ᠂ ᠪᠠᠶᠢᠷᠢᠯᠠᠭᠤᠯᠤᠯᠲᠠ ᠵᠡᠷᠭᠡ ᠲᠠᠯ᠎ᠠ ᠶᠢ ᠨᠠᠷᠢᠨ ᠣᠶᠢᠯᠠᠭᠠᠬᠤ ᠶᠢᠨ ᠬᠠᠮᠲᠤ ᠯᠣ᠋ ᠵᠢᠶᠣᠣ ᠸᠠᠨ ᠳᠠᠭᠤᠤ ᠬᠥᠭᠵᠢᠮ ᠤᠨ ᠴᠣᠬᠯᠠᠭᠠᠨ ᠤ ᠪᠡᠯᠡᠳᠬᠡᠯ ᠠᠵᠢᠯ ᠢ ᠪᠣᠳᠠᠲᠠᠢ ᠨᠠᠷᠢᠯᠢᠬᠵᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠪᠠᠶᠢᠷᠢᠯᠠᠭᠤᠯᠣᠨ᠂ ᠤᠬᠠᠭᠤᠯᠤᠨ ᠲᠠᠨᠢᠯᠴᠠᠭᠤᠯᠬᠤ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号