ᠯᠢ ᠴᠢᠶᠠᠩ ᠼᠠᠢ ᠴᠢ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠤᠨ᠎ᠠ | ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠡᠨ ᠳᠥᠷᠪᠡᠳᠦᠭᠡᠷ ᠲᠠᠪᠤᠨ ᠵᠢᠯ︾ | ᠤᠨᠲ᠋ᠦ᠋ᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠲᠦᠯᠤᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠡᠨ | ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠪᠤᠳᠤᠯᠭ᠎ᠠ ᠶᠢᠨ | ᠭᠤᠣᠯᠳᠠᠯᠭ᠎ᠠ ᠶᠢ ᠡᠵᠡᠮᠳᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠦᠯᠥᠪᠯᠡᠬᠦ ᠬᠡᠷᠡᠭᠳᠡᠢ | ᠭᠡᠵᠦ ᠴᠢᠬᠤᠯᠠᠴᠢᠯᠡᠪᠠ᠃ | | | | | | 4 ᠰᠠᠷ᠎ᠠ ᠶᠢᠨ 30 ᠤ ᠦᠳᠡ ᠶᠢᠨ ᠡᠮᠤᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠤᠩᠬᠡᠢ ᠰᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠰᠢᠠᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ | ᠰᠦᠵᠢ ᠰᠦᠨ ᠱᠤᠤ ᠴᠧᠩ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ᠂ ᠵᠧᠵᠢᠶᠠᠩ | ᠮᠤᠵᠢ ᠵᠢᠨᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ | ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ | ᠱᠧᠩ ᠤᠷᠢᠳ ᠬᠤᠵᠢᠳ ᠦᠭᠡ ᠬᠡᠯᠡᠵᠤ᠂ ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ | ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠠᠪᠤᠨ | ᠵᠢᠯ ᠤᠨ ᠲᠦᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ | ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ ᠪᠣᠯᠬᠤ ᠪᠥᠭᠡᠳ ᠲᠤᠮᠳᠠᠲᠤ ᠣᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ᠠᠷᠪᠡᠨ | ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ | ᠣᠬᠠᠭᠠᠯᠠᠨ ᠲᠦᠯᠥᠪᠯᠡᠬᠦ ᠳᠤ ᠡᠷᠭᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ | ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ᠂ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ | ᠲᠦᠪᠯᠡᠷᠡᠭᠦᠯᠵᠤ᠂ ᠨᠡᠶᠢᠭᠡᠮᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ | ᠤᠶᠠᠯᠳᠤᠭᠤᠯᠤᠨ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ ᠡᠭᠦᠷᠭᠡ ᠶᠢ ᠵᠦᠢ ᠵᠣᠬᠢᠰᠲᠡᠢ ᠲᠣᠭᠳᠠᠭᠠᠵᠤ᠂ ᠰᠠᠳᠬᠢᠮᠵᠢ | ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ᠃ ᠡᠯ᠎ᠡ ᠲᠠᠯ᠎ᠡ ᠶᠢᠨ ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ ᠨᠤᠳᠠᠯᠠᠵᠤ᠂ | ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ | ᠪᠠᠲᠤᠯᠠᠬᠤ ᠬᠡᠷᠡᠭᠲᠡᠢ᠃ ᠨᠢᠭᠡᠲᠤᠯᠲᠡᠢ ᠲᠦᠯᠤᠪᠵᠢᠭᠦᠯᠣᠨ ᠤᠬᠠᠭᠠᠯᠠᠨ ᠲᠦᠯᠤᠪᠯᠡᠵᠤ᠂ ᠵᠠᠩᠬᠢᠯᠠᠭ᠎ᠠ ᠶᠢᠨ ᠴᠢᠨᠠᠷᠲᠠᠢ᠂ | ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ ᠪᠣᠯᠣᠨᠠᠬᠢᠴᠡ ᠶᠢ ᠰᠠᠶᠢᠳᠤᠷ ᠡᠵᠡᠮᠳᠠᠵᠤ᠂ | ᠳᠠᠪᠠᠭᠤᠯᠢᠭ ᠢᠶᠠᠨ ᠪᠠᠬᠢᠵᠢᠭᠦᠯᠦᠨ ᠦᠷᠭᠡᠳᠭᠡᠬᠦ᠂ ᠪᠤᠭᠤᠮᠢ ᠲᠦᠭᠵᠢᠷᠡᠯ ᠢ ᠰᠢᠪᠳᠤᠯᠬᠤ᠂ ᠳᠤᠳᠠᠭᠤᠳᠠᠯ ᠪᠠᠭᠤᠷᠠᠢ ᠲᠠᠯ᠎ᠠ ᠪᠠᠨ | ᠨᠦᠭᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ᠂ ᠪᠦᠬᠦᠯᠢ ᠴᠤᠭᠴᠠ ᠶᠢᠨ | ᠬᠠᠷᠠᠯᠲᠠ ᠶᠢᠨ ᠴᠢᠭᠯᠡᠯ ᠲᠠᠢ ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠳ ᠬᠥᠭᠵᠢᠯᠲᠡ ᠶᠢ ᠲᠦᠯᠤᠪᠵᠢᠭᠦᠯᠬᠦ ᠳᠤ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ ᠬᠤᠪᠢᠷᠡᠯᠲᠠ ᠠᠴᠠ | ᠮᠠᠨ ᠤ ᠤᠯᠤᠰ ᠲᠤ᠋ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ ᠡᠵᠡᠮᠳᠠᠵᠤ᠂ ᠬᠠᠨᠲᠤᠰᠢ ᠶᠢ ᠦᠨᠳᠤᠰᠤᠯᠠᠨ ᠠᠵᠤ | ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ ᠥᠪᠡᠷ ᠤᠨ | ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠦᠨᠳᠤᠷ ᠲᠦᠪᠰᠢᠨ ᠪᠦᠭᠦᠢ ᠭᠠᠲᠠᠭᠠᠲᠤ ᠨᠡᠭᠡᠭᠡᠯᠲᠡ ᠶᠢ ᠭᠤᠶᠢᠪᠢᠰᠢ | ᠦᠭᠡᠢ ᠥᠷᠭᠡᠳᠬᠡᠵᠦ᠂ ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠳᠠᠪᠤᠷᠢᠵᠢᠭᠤᠯᠵᠤ᠂ | ᠠᠵᠤ ᠠᠬᠤᠶᠢᠯᠠᠯ ᠢ ᠲᠣᠭᠳᠠᠪᠤᠷᠢᠵᠢᠭᠤᠯᠵᠤ᠂ ᠵᠠᠬ᠎ᠠ ᠲᠡᠯᠭᠡᠭᠦᠷ ᠢ ᠲᠣᠭᠳᠠᠪᠤᠷᠢᠵᠢᠭᠤᠯᠵᠤ᠂ ᠵᠢᠱᠢᠯᠲᠠ ᠶᠢ | ᠲᠣᠭᠳᠠᠪᠤᠷᠢᠵᠢᠭᠤᠯᠵᠤ᠂ ᠠᠵᠤ ᠠᠬᠤᠢ ᠶᠢᠨ ᠦᠨᠳᠤᠰᠤᠨ ᠪᠠᠶᠢᠳᠠᠯ ᠢ ᠪᠦᠲᠦᠮᠵᠢᠲᠠᠢᠲ᠋ᠣᠭᠳᠠᠪᠤᠷᠢᠵᠢᠭᠤᠯᠵᠤ᠂ ᠰᠢᠨ᠎ᠡ | ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ | ᠬᠡᠷᠡᠭᠲᠡᠢ᠃ ᠬᠦᠭᠵᠢᠯᠲᠡ ᠪᠠ ᠠᠮᠤᠷ ᠲᠥᠪᠰᠢᠨ ᠢ ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ᠂ ᠲᠤᠳᠤᠭᠠᠲᠤ | ᠭᠠᠲᠠᠭᠠᠲᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ ᠪᠤᠳᠦᠯᠭᠢᠯᠡᠵᠦ᠂ ᠤᠯᠤᠰ ᠤᠨ ᠠᠮᠤᠷ | ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ᠂ ᠦᠨᠳᠣᠷ | ᠪᠦᠳᠦᠮᠵᠢᠲᠡᠢ ᠵᠠᠰᠠᠯᠲᠡ ᠪᠠᠷ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ ᠰᠠᠶᠢᠨ | ᠬᠤᠷᠰᠢᠯᠴᠠᠯ ᠢ ᠠᠬᠢᠭᠤᠯᠵᠤ᠂ ᠰᠢᠨᠡᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ | ᠪᠠᠲᠤᠯᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ᠂ ᠡᠷᠬᠡᠪᠰᠢ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ ᠬᠦᠭᠵᠢᠭᠦᠯᠬᠦ ᠶᠢ | ᠨᠡᠩ ᠳᠣᠪᠤᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ᠂ ᠪᠤᠳᠠᠲᠤ ᠴᠤᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ | ᠤᠯᠠᠮᠵᠢᠯᠠᠯᠲᠤ ᠠᠵᠤ ᠦᠢᠯᠡᠰ ᠤᠨᠬᠡᠯᠪᠡᠷᠢ ᠶᠢ ᠬᠤᠪᠢᠷᠠᠭᠤᠯᠤᠨ ᠲᠡᠰ ᠳᠠᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ | ᠰᠢᠨ᠎ᠡ ᠪᠠᠷ ᠮᠠᠨᠳᠤᠭᠰᠡᠨ ᠠᠵᠤ ᠦᠢᠯᠡᠰ ᠢ ᠢᠳᠡᠪᠬᠢᠲᠡᠢ ᠬᠦᠭᠵᠢᠭᠦᠯᠭᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ | ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠣᠶᠢᠯᠡᠰ ᠤᠨ ᠰᠢᠰᠲ᠋ᠧᠮ ᠢ ᠲᠦᠷᠭᠡᠭᠡᠨ ᠪᠠᠶᠢᠭᠤᠯᠬᠤ | ᠬᠡᠷᠡᠭᠳᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠥᠭᠵᠢᠭᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ᠤᠤᠭᠠᠯ | ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠵᠠᠩᠬᠢᠯᠠᠭ᠎ᠠ ᠶᠢᠨ ᠭᠤᠣᠯᠯᠠᠬᠤ | ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ ᠬᠡᠷᠡᠭᠲᠡᠢ᠃ ᠰᠤᠷᠭᠠᠨ | ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ | ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠶᠢᠨ | ᠰᠠᠭᠤᠷᠢ ᠴᠢᠨᠡᠷᠲᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠡᠪᠠ᠃ | ᠰᠢ ᠶᠢᠨ ᠫᠢᠩ᠂ ᠳᠤᠮᠳᠠᠲᠤ ᠣᠯᠤᠰ ᠤᠨ ᠮᠠᠶ᠋ᠢᠭ ᠤᠨᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠨᠡᠶᠢᠭᠡᠮ ᠵᠢᠷᠤᠮᠲᠤ ᠤᠳᠤᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠥᠪᠵᠢᠭᠦᠯᠬᠦ ᠳᠤ ᠤᠭ | ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ | ᠪᠣᠯᠭᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠣᠷᠣᠨ ᠪᠦᠰᠡ ᠶᠢᠨ ᠵᠣᠬᠢᠴᠠᠩᠭᠤᠢᠬᠦ᠋ᠭᠵᠢᠯᠲᠠ ᠶᠢ ᠠᠬᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ | ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ | ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠦᠳᠡᠭᠡ ᠠᠵᠤ ᠠᠬᠤᠢ | ᠬᠦᠳᠡᠭᠡ ᠲᠣᠰᠬᠤᠨ ᠤ ᠤᠲᠣᠬᠢᠴᠢᠯᠡᠯᠲᠠ ᠶᠢ ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ | ᠬᠦᠨᠵᠡᠭᠡᠢ ᠰᠤᠳᠤᠯᠵᠤ᠂ ᠬᠤᠳᠠ ᠬᠦᠳᠡᠭᠡ ᠶᠢᠨ ᠤᠯᠠᠨ ᠲᠦᠮᠡᠨ ᠤ ᠤᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ | ᠃ ᠨᠢᠭᠡ ᠪᠦᠯᠦᠭ ᠲᠠᠩᠴᠡᠭᠦᠷᠢᠳᠤ ᠴᠢᠨᠠᠷ ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ | ᠪᠣᠳᠣᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ | ᠬᠦᠰᠡᠵᠤ ᠪᠠᠶᠢᠭ᠎ᠠ ᠠᠰᠠᠭᠤᠳᠠᠯ ᠢ ᠬᠦᠴᠦᠯᠠᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠣᠴᠢᠷ | ᠶᠠᠪᠤᠳᠠᠯ ᠤᠨ ᠵᠠᠩᠬᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠨᠢ ᠦᠨᠡᠨ ᠪᠤᠳᠠᠲᠠᠢ᠂ ᠪᠤᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ | ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ᠂ ᠲᠦᠯᠤᠪᠵᠢᠭᠦᠯᠭᠡ ᠶᠢ ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ | ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ᠂ ᠬᠦᠭᠵᠢᠯᠲᠠ ᠶᠢᠨ ᠰᠡᠳᠬᠢᠮᠵᠢ ᠪᠠ ᠪᠠᠶᠢᠯᠳᠤᠬᠤ | ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠬᠦᠯᠬᠦ ᠶᠢ | ᠴᠢᠬᠤᠯᠠᠴᠢᠯᠠᠵᠤ᠂ ᠬᠠᠷᠢᠴᠠᠭᠤᠯᠤᠭᠰᠠᠨ ᠲᠠᠪᠠᠭᠤᠯᠢᠭ ᠢᠶᠠᠨ ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠠᠵᠢ᠃ | ᠡᠾᠧ ᠯᠢ ᠹᠧᠩ᠂ ᠦ᠋ ᠵᠧᠩ ᠯᠦᠩ ᠶᠠᠢᠯᠴᠠᠬᠤ ᠬᠤᠷᠠᠯ ᠳᠤ ᠤᠷᠤᠯᠴᠠᠵᠤ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ | ᠬᠤᠯᠪᠤᠭᠳᠠᠯ ᠪᠦᠭᠦᠢ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠮᠤᠵᠢ ᠤᠷᠣᠨ ᠬᠤᠳᠠ ᠶᠢᠨ ᠬᠠᠷᠢᠭᠤᠴᠠᠯᠭᠠᠳᠠᠨ ᠨᠦᠭᠦᠳ | ᠶᠠᠷᠢᠯᠴᠠᠬᠤ ᠬᠤᠷᠠᠯ ᠳᠤ ᠣᠷᠤᠯᠴᠠᠪᠠ᠃ | |