5 ᠰᠠᠷ᠎ᠠ ᠶᠢᠨ 3 ᠤ ᠡᠳᠦᠷ᠂ ᠷᠠᠰᠢᠶᠠᠨ ᠬᠤᠲᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠣᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠢᠩᠭᠠᠨ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ | ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ᠂ | ᠴᠡᠭᠴᠡᠯᠡᠨ ᠰᠠᠶᠢᠵᠢᠷᠠᠭᠤᠯᠬᠤ ᠪᠠ ︽ᠡᠷᠬᠢᠨ ᠬᠠᠷᠠᠬᠤ︾ ᠠᠵᠢᠯ ᠢ ᠭᠦᠨᠵᠡᠭᠡᠢ ᠥᠷᠨᠢᠭᠦᠯᠵᠦ᠂ ᠠᠳᠠᠯᠢ ᠲᠦᠷᠦᠯ | ᠬᠡᠯᠪᠡᠷᠢ ᠶᠢᠨ᠂ ᠬᠤᠯᠪᠣᠭᠳᠠᠯᠳᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ ᠢ ᠪᠦᠬᠦ ᠬᠦᠴᠦᠨ ᠢᠶᠠᠷ ᠢᠶᠠᠨ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠰᠠᠭᠤᠳᠡᠯ ᠢᠯᠡᠷᠡᠬᠦᠯᠪᠡᠯ ᠴᠡᠭᠴᠡᠯᠡᠨ ᠰᠠᠶᠢᠵᠢᠷᠠᠭᠤᠯᠵᠤ᠂ ᠪᠠᠷᠢᠨ | ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠡᠶᠡᠯᠡᠭᠦᠯᠣᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠥᠨᠳᠥᠷ ᠦᠷ᠎ᠡ ᠪᠦᠲᠦᠮᠵᠢᠲᠡᠢ᠂ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠬᠤᠳᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠣᠰᠣ ᠭᠤᠭᠤᠵᠢᠬᠤ ᠶᠢ | ᠴᠡᠭᠴᠡᠯᠡᠨ ᠵᠠᠰᠠᠬᠤ ᠠᠵᠢᠯ ᠢ ᠲᠤᠰᠬᠠᠢ ᠠᠩᠬᠢᠵᠢᠭᠤᠯᠤᠨ ᠭᠡᠷᠡᠭᠵᠢᠬᠦᠯᠵᠣ᠂ ᠪᠦᠬᠦᠨ ᠢ ᠬᠠᠮᠤᠷᠬᠤ᠂ ᠲᠣᠣᠷᠵᠢᠭᠤᠯᠣᠨ | ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠣᠨ᠂ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠰᠠᠬᠢᠯᠭ᠎ᠠ ᠪᠠᠲᠤ ᠶᠢ | ᠰᠠᠬᠢᠵᠣ ᠬᠠᠷᠢᠭᠤᠴᠠᠯᠭ᠎ᠠ ᠨᠡᠬᠡᠮᠵᠢᠯᠡᠬᠦ ᠶᠢ ᠦᠷᠭᠦᠯᠵᠢᠯᠡᠨ ᠴᠢᠩᠭᠠᠳᠬᠠᠨ᠂ ᠠᠰᠠᠭᠤᠳᠠᠯ ᠢ ᠴᠠᠭ ᠲᠤᠬᠠᠢ ᠳᠤᠨᠢ | ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠰᠠᠶᠢᠲᠤᠷ | ᠬᠠᠮᠠᠭᠠᠯᠠᠬᠤ ᠬᠡᠷᠡᠭᠲᠡᠢ᠃ ︽ᠣᠳᠣᠬᠠᠨ ᠳᠤ ᠲᠦᠷᠭᠡᠨ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ | ᠪᠠᠶᠢᠭᠤᠯᠬᠤ︾ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠡᠯ ᠡᠨᠡ ᠬᠦ | ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ᠠᠰᠠᠭᠤᠳᠠᠯ ᠲᠠᠬᠢᠨ ᠡᠭᠦᠰᠬᠦ ᠶᠢ ᠴᠢᠩᠭ᠎ᠠ | ᠰᠡᠷᠭᠡᠶᠢᠯᠡᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠤ ᠬᠠᠮᠠᠭᠠᠯᠠᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠡᠪᠡ᠃ |