5 ᠰᠠᠷ᠎ᠠ ᠶᠢᠨ 3 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ | ᠵᠢᠦ ᠲᠢᠶᠠᠨ ᡂᠢ ᠦᠢᠯᠡᠴᠢᠯᠡᠭᠡᠨ ᠤ ᠲᠣᠭᠤᠷᠢᠭ ᠲᠤ ᠲᠤᠬᠠᠶ ᠶᠢᠨ ᠲᠠᠯᠠᠪᠠᠶ ᠳᠤ ᠠᠵᠢᠯᠯᠠᠬᠤ ᠶᠢᠨ ᠬᠠᠮᠳᠣ ᠶᠠᠷᠢᠯᠴᠠᠬᠤ | ᠬᠤᠷᠠᠯ ᠬᠤᠷᠠᠯᠳᠤᠭᠤᠯᠵᠤ᠂ ᠦᠵᠡᠮᠵᠢ ᠶᠢᠨ ᠣᠷᠣᠨ ᠤ ᠵᠢᠷᠤᠮᠵᠢᠭᠰᠠᠨ ᠬᠠᠮᠢᠶᠠᠷᠤᠯᠲᠠ ᠪᠡ ᠪᠠᠶᠢᠭᠤᠯᠤᠯᠲᠠ ᠶᠢᠨ | ᠲᠣᠬᠠᠢ ᠬᠠᠮᠢᠶ᠎ᠠ ᠪᠥᠬᠦᠶ ᠵᠦᠢᠯᠡᠰ ᠢ ᠰᠤᠳᠤᠯᠤᠨ ᠪᠠᠶᠢᠷᠢᠯᠠᠭᠤᠯᠪᠠ᠃ | ᠶᠠᠩ ᠶᠦᠩ ᠵᠢᠦ᠂ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠣᠨ᠂ ᠣᠷᠣᠨ ᠨᠤᠲᠤᠭ ᠠᠵᠤ ᠠᠬᠤᠶᠢᠯᠠᠯ ᠤᠨ ᠬᠠᠮᠳᠣᠷᠡᠯ ᠤᠨ | ᠬᠦᠴᠦᠨ ᠢ ᠪᠦᠷᠢᠯᠳᠦᠭᠦᠯᠣᠨ᠂ ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠠᠷᠢᠯᠭ᠎ᠠ ᠶᠢᠨ ᠲᠠᠩᠰᠠ ᠡᠪᠬᠡᠮᠡᠯ ᠮᠠᠲ᠋ᠧᠷᠢᠶᠠᠯ ᠢ ᠨᠠᠷᠢᠨ ᠨᠢᠮᠪᠠᠶ ᠡᠮᠬᠢᠯᠡᠨ᠂ ᠰᠢᠨᠵᠢᠯᠡᠬᠦ ᠤᠬᠠᠭᠠᠨᠴᠢ | ᠵᠦᠶ ᠵᠣᠬᠢᠰᠲᠠᠶ ᠪᠠᠷ ᠬᠢᠨᠠᠨ ᠵᠥᠪᠰᠢᠶᠡᠷᠡᠬᠦ ᠰᠠᠨᠠᠯ ᠳᠤᠷᠠᠳᠴᠤ᠂ ᠦᠵᠡᠮᠵᠢ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢᠨ ᠵᠠᠰᠠᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ | ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠣᠨ᠂ ᠬᠠᠷᠢᠶ᠎ᠠ ᠭᠠᠵᠠᠷ ᠤᠨ ᠪᠠᠯᠭᠠᠰᠤ | ᠵᠡᠭᠡᠯᠢ ᠶᠢᠨ ᠭᠤᠣᠯ ᠤᠳᠤᠷᠢᠳᠤᠯᠭ᠎ᠠ ᠶᠢᠨ ᠡᠮᠦᠨ᠎ᠡ ᠹᠷᠣᠨᠲ ᠲᠤ ᠵᠢᠯᠣᠭᠤᠳᠴᠤ᠂ ᠬᠥᠮᠦᠨ ᠤ ᠬᠦᠴᠦᠨ ᠢ ᠪᠦᠷᠢᠨ | ᠭᠦᠢᠴᠡᠳ ᠴᠢᠩᠭ᠎ᠠ ᠲᠤᠬᠢᠷᠠᠭᠤᠯᠵᠣ᠂ ᠭᠦᠨᠵᠡᠭᠡᠢ ᠪᠠᠶᠢᠴᠠᠭᠠᠨ ᠣᠶᠢᠯᠠᠭᠠᠵᠤ᠂ ᠪᠦᠬᠦᠯᠢ ᠡᠳᠦᠷ ᠤᠨ᠂ ᠪᠦᠬᠦᠨ ᠢ | ᠬᠠᠮᠤᠷᠬᠤ᠂ ᠪᠦᠬᠦ ᠶᠠᠪᠤᠴᠠ ᠳᠤ ᠦᠢᠯᠡᠴᠢᠯᠡᠭᠡ ᠬᠠᠮᠢᠶᠠᠷᠤᠯᠲᠠ ᠶᠢ ᠬᠡᠷᠡᠭᠵᠢᠭᠦᠯᠣᠨ᠂ ᠦᠵᠡᠮᠵᠢ ᠶᠢᠨ ᠣᠷᠣᠨ ᠤ | ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠡᠮᠬᠢ ᠳᠢᠭᠯᠢᠮ ᠢ ᠦᠨᠡᠨ ᠬᠦ ᠬᠠᠮᠠᠭᠠᠯᠠᠬᠤ ᠬᠡᠷᠡᠭᠲᠡᠢ᠃ | ᠦᠵᠡᠮᠵᠢ ᠶᠢᠨ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠡᠳᠦᠷ ᠲᠤᠲᠤᠮ ᠤᠨ ᠲᠣᠭᠤᠷᠢᠨ | ᠪᠠᠶᠢᠴᠠᠭᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠪᠠᠷᠢᠮᠲᠠᠯᠠᠨ᠂ ᠡᠯ᠎ᠡ ᠲᠥᠷᠥᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠬᠤᠷᠢᠭᠯᠠᠬᠤ ᠬᠡᠷᠡᠭᠲᠡᠶ ᠭᠡᠵᠣ | ᠴᠢᠬᠤᠯᠠᠴᠢᠯᠡᠪᠡ᠃ | ᠬᠤᠲᠠ ᠶᠢᠨ ᠤᠳᠤᠷᠢᠳᠤᠯᠭ᠎ᠠ ᠡᠷᠬᠢᠮᠳᠣ᠂ ᠲᠠᠢ ᠬᠠᠶ ᠹᠧᠩ᠂ ᠯᠢᠦ ᡁᠢ ᠴᠢᠶᠠᠩ ᠪᠣᠯᠤᠨ ᠷᠠᠰᠢᠶᠠᠨ ᠤ ᠰᠧᠨ | ᠭᠥᠩ ᠺᠣᠮᠫᠠᠨᠢ᠂ ᠶᠡᠭᠡ ᠬᠢᠩᠭᠠᠨ ᠵᠢᠭᠤᠯᠴᠢᠯᠠᠯ ᠤᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ | ᠬᠤᠷᠠᠯ ᠳᠤ ᠣᠷᠣᠯᠴᠠᠵᠠᠶ᠃ |