5 ᠰᠠᠷ᠎ᠠ ᠶᠢᠨ 6 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠷᠠᠰᠢᠶᠠᠨ ᠤ ᠤᠯᠤᠰ ᠤᠨ ᠣᠢ ᠰᠢᠭᠤᠶ ᠶᠢᠨ ᠴᠡᠴᠡᠷᠯᠢᠭ ᠢ ᠶᠡᠷᠦᠩᠬᠡᠶᠢᠯᠡᠨ ᠵᠠᠰᠠᠬᠤ ᠬᠠᠮᠢᠶ᠎ᠠ ᠪᠦᠬᠦᠢ ᠶᠠᠪᠤᠳᠠᠯ ᠢ | ᠲᠤᠰᠬᠠᠶ ᠰᠡᠳᠦᠪ ᠢᠶᠠᠷ ᠰᠤᠳᠤᠯᠪᠠ᠃ ᠬᠤᠳᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠵᠢᠶᠤᠤ ᠳ᠋ᠠ ᠠᠨ᠂ ᠪᠠᠢ | ᠹᠧᠩ ᠵᠢᠴᠢ ᠲᠢᠶᠠᠨ ᡂᠢ ᠪᠠᠯᠭᠠᠰᠤ᠂ ᠷᠠᠰᠢᠶᠠᠨ ᠤ ᠰᠧᠨ ᠭᠥᠩ ᠺᠣᠮᠫᠠᠨᠢ᠂ ᠶᠡᠭᠡ ᠬᠢᠩᠭᠠᠨ ᠷᠠᠰᠢᠶᠠᠨ ᠤ | ᠵᠢᠭᠤᠯᠴᠢᠯᠠᠯ ᠤᠨ ᠺᠣᠮᠫᠠᠨᠢ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠡᠯ ᠳᠤ | ᠣᠷᠣᠯᠴᠠᠪᠠ᠃ | ᠬᠤᠷᠠᠯ ᠠᠴᠠ ᠂ ᠷᠠᠰᠢᠶᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠪᠣᠯ ᠷᠡᠰᠢᠶᠠᠨ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠬᠦᠴᠦᠯᠡᠬᠦ ᠴᠡᠭ ᠮᠥᠨ᠂ ᠪᠠᠰᠠ ᠴᠤ ᠰᠣᠶᠣᠯ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ | ᠠᠬᠢᠭᠤᠯᠬᠤ ᠴᠢᠬᠤᠯᠠ ᠲᠤᠯᠭᠠᠭᠤᠷᠢ ᠮᠥᠨ᠂ ᠪᠥᠬᠦ ᠬᠤᠲᠠ ᠪᠠᠷ ᠢᠶᠠᠨ ᠦᠵᠡᠮᠵᠢ ᠶᠢᠨ ᠣᠷᠣᠨ ᠤ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠠᠩᠬᠠᠷᠴᠤ᠂ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠦᠵᠡᠮᠵᠢ ᠶᠢᠨ ᠣᠷᠣᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠡᠭᠦᠯᠳᠡᠷᠵᠢᠭᠦᠯᠵᠦ᠂ ᠥᠨᠳᠥᠷ | ᠬᠢᠷᠢ ᠲᠦᠪᠰᠢᠨ ᠪᠥᠬᠦᠶ ᠲᠥᠯᠥᠪᠵᠢᠭᠦᠯᠭᠡ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠬᠡᠷᠡᠭᠲᠡᠶ | ᠃ ᠵᠥᠷᠢᠶᠡᠲᠦ ᠬᠥᠭᠵᠢᠯᠲᠡ ᠶᠢᠨ ᠵᠠᠮ ᠢ ᠪᠠᠷᠢᠮᠲᠠᠯᠠᠨ᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠢᠭᠤᠯᠴᠢᠯᠠᠯ ᠤᠨ | ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨ᠎ᠡ ᠪᠠᠷ ᠡᠭᠦᠳᠦᠨ ᠪᠤᠶᠢᠵᠢᠭᠤᠯᠵᠤ᠂ | ᠵᠢᠭᠤᠯᠴᠢᠯᠠᠭᠴᠢᠳ ᠤᠨ ᠥᠪᠡᠷᠮᠢᠴᠡ᠂ ᠣᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠲᠠᠰᠤᠷᠠᠯᠲᠠ ᠥᠬᠡᠶ ᠬᠠᠩᠭᠠᠬᠤ ᠬᠡᠷᠡᠭᠲᠡᠶ᠃ ᠦᠵᠡᠮᠵᠢ ᠶᠢᠨ ᠣᠷᠣᠨ ᠤ ᠣᠳᠣᠬᠠᠨ ᠳᠤ ᠣᠷᠣᠰᠢᠵᠤ ᠪᠠᠶᠢᠭ᠎ᠠ ᠬᠤᠪᠢ | ᠬᠦᠮᠣᠨ ᠤ ᠳᠤᠷ᠎ᠠ ᠪᠠᠷ ᠢᠶᠠᠨ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠤᠵᠠᠷ ᠪᠤᠷᠲᠠᠭ᠂ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠬᠦᠷᠦᠯᠴᠡᠬᠦ ᠦᠭᠡᠢ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ | ᠡᠬᠡ ᠲᠠᠩᠰᠠ ᠪᠠᠶᠢᠭᠤᠯᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠳ᠋ᠤᠭᠠᠷ ᠢ ᠬᠠᠰᠤᠬᠤ | ᠬᠡᠯᠪᠡᠷᠢ ᠪᠠᠷ ᠠᠬᠢᠭᠤᠯᠵᠤ᠂ ᠦᠵᠡᠮᠵᠢ ᠶᠢᠨ ᠣᠷᠣᠨ ᠤ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠶᠠᠰᠤ ᠴᠢᠨᠠᠷ | ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠤ ᠲᠠᠪᠠᠯᠳᠠᠳᠤ ᠮᠠᠶ᠋ᠢᠭ ᠤᠨ ᠳᠡᠭᠡᠭᠰᠢᠯᠡᠯᠲᠡ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠣ ᠴᠢᠬᠤᠯᠠᠴᠢᠯᠠᠵᠡᠢ᠃ |