ᠸᠠᠺᠼᠢᠨ ᠤ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠬᠢᠮᠳᠠ᠂ ᠠᠮᠤᠷ | ᠲᠦᠪᠰᠢᠨ᠂ ᠪᠦᠲᠦᠮᠵᠢᠲᠡᠶ ᠠᠷᠭ᠎ᠠ ᠪᠠᠷᠢᠯ ᠮᠥᠨ᠂ ᠡᠷᠲᠡ ᠲᠦᠷᠦᠭᠰᠡᠨ ᠬᠡᠦᠬᠡᠳ᠂ ᠡᠭᠡᠯᠢᠯᠡᠭᠡ ᠶᠢᠨ ᠴᠢᠳᠠᠪᠤᠷᠢ ᠪᠠᠷ | ᠪᠠᠭᠤᠷᠠᠢ ᠬᠡᠦᠬᠡᠳ᠂ ᠬᠠᠷᠰᠢᠮᠠᠲᠠᠭᠠᠶ ᠪᠡᠶ᠎ᠡ ᠮᠠᠬᠠᠪᠣᠳ ᠲᠠᠢ ᠬᠡᠦᠬᠡᠳ ᠵᠡᠷᠭᠡ ᠤᠨᠴᠠᠭᠠᠢ ᠬᠡᠦᠬᠡᠳ ᠲᠤ ᠠᠪᠴᠤ | ᠬᠡᠯᠡᠪᠡᠯ ᠨᠠᠩ ᠴᠤ ᠴᠢᠬᠤᠯᠠ ᠪᠠᠶᠢᠳᠠᠭ᠃ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠵᠢᠷᠤᠮᠵᠢᠯ ᠲᠠᠢ ᠲᠠᠷᠢᠯᠭ᠎ᠠ | ᠬᠢᠬᠦ ᠪᠠᠷ ᠳᠠᠮᠵᠢᠨ᠂ ᠤᠨᠴᠠᠭᠠᠢ ᠬᠡᠦᠬᠡᠳ ᠲᠤ ᠡᠭᠡᠯᠢᠯᠡᠭᠡ ᠶᠢᠨ ᠪᠠᠲᠤ ᠪᠠᠬᠢ ᠬᠠᠯᠬᠠᠪᠴᠢ ᠶᠢ ᠪᠠᠶᠢᠭᠤᠯᠵᠤ ᠦᠭᠬᠦᠨ᠂ | ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠬᠡᠷᠡᠭᠲᠡᠶ ᠭᠡᠵᠦ ᠢᠯᠡᠳᠭᠡᠪᠡ᠃ | ᠯᠢᠶᠠᠩ ᠹᠦ᠋ ᠷᠦᠩ᠂ ᠸᠠᠺᠼᠢᠨ ᠤ ᠲᠠᠷᠢᠯᠭ᠎ᠠ ᠬᠢᠬᠦ ᠨᠢ ᠤᠨᠴᠠᠭᠠᠢ ᠬᠡᠦᠬᠡᠳ ᠤᠨ ᠣᠨᠴᠠᠭᠠᠶ ᠴᠢᠨᠠᠷᠲᠠᠶ | ᠡᠭᠡᠯᠢᠯᠡᠭᠡ ᠶᠢᠨ ᠬᠠᠷᠢᠭᠤ ᠲᠤᠰᠬᠠᠯ ᠢ ᠬᠥᠭᠵᠢᠭᠡᠵᠦ᠂ ᠲᠡᠭᠦᠨ ᠤ ᠪᠡᠶ᠎ᠡ ᠳᠣᠲᠣᠷ᠎ᠠ ᠬᠠᠨᠳᠤᠯᠭᠠᠲᠤ ᠴᠢᠨᠠᠷᠲᠠᠶ | ᠡᠰᠡᠷᠭᠦᠴᠡᠭᠴᠢ ᠶᠢ ᠡᠭᠦᠰᠭᠡᠵᠦ᠂ ᠡᠭᠡᠯᠢᠯᠡᠭᠡ ᠶᠢᠨ ᠬᠠᠯᠬᠠᠪᠴᠢ ᠶᠢ ᠪᠣᠶ ᠪᠣᠯᠭᠠᠳᠠᠭ᠃ ᠡᠨᠡ ᠨᠢ ᠤᠯᠠᠭᠠᠨ ᠨᠣᠳ᠂ | ᠵᠠᠭᠤᠨ ᠬᠤᠨᠤᠭ ᠤᠨ ᠬᠠᠨᠢᠶᠠᠳᠤ᠂ ᠨᠤᠭᠤᠰᠤᠨ ᠤ ᠪᠣᠷᠣ ᠡᠳ᠋ ᠤᠨ ᠦᠷᠪᠢᠰᠦᠯ ᠵᠡᠷᠭᠡ ᠠᠶᠤᠯ ᠶᠡᠬᠡᠲᠡᠶ ᠬᠠᠯᠳᠠᠪᠤᠷᠢᠲᠤ | ᠡᠪᠡᠳᠴᠢᠨ ᠢ ᠪᠦᠲᠦᠮᠵᠢᠲᠡᠶ ᠰᠡᠷᠭᠡᠶᠢᠯᠡᠵᠦ ᠴᠢᠳᠠᠬᠤ ᠪᠠᠷ ᠪᠠᠷᠠᠬᠤ ᠥᠬᠡᠶ᠂ ᠪᠠᠰᠠ ᠬᠡᠦᠬᠡᠳ ᠤᠨ ᠬᠠᠯᠳᠠᠪᠤᠷᠢᠯᠠᠯ ᠠᠴᠠ | ᠪᠣᠯᠤᠭᠰᠠᠨ ᠬᠦᠨᠳᠦ ᠨᠣᠴᠢᠲᠠᠶ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠢᠯᠡᠳᠲᠡ ᠪᠠᠭᠤᠷᠠᠭᠤᠯᠵᠤ ᠴᠢᠳᠠᠨ᠎ᠠ | ᠭᠡᠵᠦ ᠵᠢᠭᠠᠵᠤ ᠭᠠᠷᠭᠠᠪᠠ᠃ | ︽ᠸᠠᠺᠼᠢᠨ ᠤ ᠲᠠᠷᠢᠯᠭ᠎ᠠ ᠬᠢᠭᠰᠡᠨ ᠥᠬᠡᠶ ᠤᠨᠴᠠᠭᠠᠢ ᠬᠡᠦᠬᠡᠳ ᠬᠠᠯᠳᠠᠪᠤᠷᠢᠲᠤ ᠡᠪᠡᠳᠴᠢᠨ ᠤ | ᠬᠠᠯᠳᠠᠪᠤᠷᠢᠯᠠᠬᠤ ︿ᠰᠢᠪᠲᠤᠯᠤᠯᠲᠠ ᠶᠢᠨ ᠴᠡᠭ﹀ ᠪᠣᠯᠵᠣ ᠮᠡᠳᠡᠨ᠎ᠡ᠃ ᠯᠢᠶᠠᠩ ᠹᠦ᠋ ᠷᠦᠩ᠂ ︽ᠢᠯᠠᠩᠭᠤᠶ᠎ᠠ | ᠡᠭᠡᠯᠢᠯᠡᠭᠡ ᠶᠢᠨ ᠴᠢᠳᠠᠪᠤᠷᠢ ᠪᠠᠭᠤᠷᠠᠢ ᠪᠤᠶᠤ ᠬᠤᠤᠷ ᠢ ᠪᠠᠭᠠᠰᠬᠠᠬᠤ ᠠᠮᠢᠳᠤ ᠸᠠᠺᠼᠢᠨ ᠳᠠᠷᠢᠵᠤ ᠴᠢᠳᠠᠬᠤ ᠥᠬᠡᠶ | ᠬᠡᠦᠬᠡᠳ ᠬᠠᠯᠳᠠᠪᠤᠷᠢᠯᠠᠭᠳᠠᠭᠰᠠᠨ ᠤ ᠳᠠᠷᠠᠭ᠎ᠠ ᠣᠷᠳᠣ ᠬᠤᠭᠤᠴᠠᠭ᠎ᠠ ᠪᠠᠷ ᠡᠪᠡᠳᠴᠢᠨ ᠡᠭᠦᠰᠭᠡᠭᠴᠢ ᠶᠢ ᠠᠪᠴᠤ | ᠶᠠᠪᠤᠵᠤ᠂ ᠨᠡᠶᠢᠭᠡᠮ ᠲᠣᠭᠤᠷᠢᠭ ᠲᠤ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ | ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠦᠨᠡᠯᠡᠭᠰᠡᠨ ᠤ ᠳᠠᠷᠠᠭ᠎ᠠ ᠢᠳᠡᠪᠬᠢ ᠥᠬᠡᠶᠢᠳᠡᠭᠦᠯᠦᠭᠰᠡᠨ ᠸᠠᠺᠼᠢᠨ ᠪᠤᠶᠤ | ᠬᠡᠰᠡᠭ ᠬᠤᠤᠷ ᠢ ᠪᠠᠭᠠᠰᠬᠠᠬᠤ ᠸᠠᠺᠼᠢᠨ ᠢ ᠳᠠᠷᠢᠬᠤ ᠨᠢ ᠬᠦᠮᠦᠰ ᠤᠨ ᠡᠭᠡᠯᠢᠯᠡᠭᠡ ᠶᠢᠨ ᠦᠷ᠎ᠡ ᠪᠦᠲᠦᠮᠵᠢ ᠶᠢ | ᠪᠠᠬᠢᠵᠢᠭᠦᠯᠬᠦ ᠳᠤ ᠲᠦᠢᠯ ᠤᠨ ᠴᠢᠬᠤᠯᠠ ᠪᠠᠶᠢᠳᠠᠭ︾ ᠭᠡᠵᠦ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ | ᠬᠡᠦᠬᠡᠳ ᠤᠨ ᠠᠨᠠᠭᠠᠬᠤ ᠤᠬᠠᠭᠠᠨ ᠤ ᠲᠥᠪ ᠤᠨ ᠬᠡᠦᠬᠡᠳ ᠤᠨ ᠳᠣᠲᠣᠷ ᠰᠠᠯᠠᠭᠠᠨ ᠤ ᠭᠤᠤᠯ ᠡᠮᠴᠢ ᠰᠥᠩ ᠳ᠋ᠠᠨ | ᠢᠦᠶ ᠣᠨᠴᠠᠭᠠᠶᠢᠯᠠᠨ ᠰᠠᠨᠠᠭᠤᠯᠤᠭᠰᠠᠨ ᠨᠢ᠂ ᠵᠠᠷᠢᠮ ᠣᠨᠴᠠᠭᠠᠶ ᠡᠪᠡᠳᠴᠢᠨ᠂ ᠵᠢᠱᠢᠶᠡᠯᠡᠪᠡᠯ ᠲᠥᠷᠥᠯᠬᠢ ᠵᠢᠷᠦᠬᠡᠨ | ᠡᠪᠡᠳᠴᠢᠨ᠂ ᠤᠨᠠᠳᠠᠭ ᠡᠪᠡᠳᠴᠢᠨ ᠵᠡᠷᠭᠡ ᠡᠪᠡᠳᠴᠢᠨ ᠲᠠᠢ ᠬᠡᠦᠬᠡᠳ ᠤᠨ ᠲᠣᠰ ᠪᠡᠶ᠎ᠡ ᠨᠢ ᠬᠡᠳᠦ᠋ᠪᠡᠷ | ᠬᠠᠯᠳᠠᠪᠤᠷᠢᠯᠠᠬᠤ ᠲᠦᠭᠰᠢᠭᠦᠷᠢ ᠶᠢ ᠰᠢᠭᠤᠳ ᠨᠡᠮᠡᠭᠳᠡᠭᠦᠯᠬᠦ ᠥᠬᠡᠶ ᠪᠣᠯᠪᠠᠴᠤ ᠬᠤᠯᠪᠣᠭᠳᠠᠯ ᠪᠥᠬᠦᠶ ᠸᠠᠺᠼᠢᠨ ᠢ | ᠳᠠᠷᠢᠭᠰᠠᠨ ᠥᠬᠡᠶ ᠪᠣᠯ ᠬᠡᠦᠬᠡᠳ ᠬᠠᠮᠢᠶ᠎ᠠ ᠪᠥᠬᠦᠶ ᠬᠦᠨᠳᠦ ᠡᠪᠡᠳᠴᠢᠨ ᠡᠮᠭᠡᠭ ᠲᠤ ᠬᠠᠯᠳᠠᠪᠤᠷᠢᠯᠠᠭᠳᠠᠭᠰᠠᠨ ᠠᠴᠠ | ᠪᠣᠯᠵᠣ ᠡᠪᠡᠳᠴᠢᠨ ᠨᠢ ᠬᠦᠨᠳᠦᠷᠡᠵᠦ ᠮᠡᠳᠡᠨ᠎ᠡ ᠭᠡᠵᠡᠢ᠃ | ᠭᠡᠲᠡᠯ᠎ᠡ ᠸᠠᠺᠼᠢᠨ ᠤ ᠲᠠᠷᠢᠯᠭ᠎ᠠ ᠶᠢ ᠮᠥᠨ ᠬᠦ ᠪᠥᠬᠦ ᠲᠠᠯ᠎ᠠ ᠪᠠᠷ ᠣᠶᠢᠯᠠᠭᠠᠵᠤ ᠲᠠᠨᠢᠬᠤ ᠴᠢᠬᠤᠯᠠᠲᠠᠶ ᠪᠠᠶᠢᠨ᠎ᠠ᠃ | ᠰᠦᠩ ᠳ᠋ᠠᠨ ᠢᠦᠶ ᠬᠡᠯᠡᠬᠦ ᠳᠡᠭᠡᠨ᠂ ᠸᠠᠺᠼᠢᠨ ᠤ ᠲᠠᠷᠢᠯᠭ᠎ᠠ ᠳᠤ ᠴᠢᠩᠭ᠎ᠠ ᠲᠠᠷᠢᠯᠭ᠎ᠠ ᠶᠢᠨ ᠴᠡᠭᠡᠷ ᠪᠠ ᠲᠣᠬᠢᠷᠠᠬᠤ | ᠡᠪᠡᠳᠴᠢᠨ ᠪᠠᠶᠢᠳᠠᠭ᠂ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠳᠤ ᠲᠤᠰᠬᠠᠶ ᠮᠡᠷᠭᠡᠵᠢᠯ ᠤᠨ ᠦᠨᠡᠯᠡᠯᠲᠡ | ᠬᠢᠬᠦ ᠬᠡᠷᠡᠭᠲᠡᠶ ᠪᠥᠭᠡᠳ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠳᠤᠤᠷ᠎ᠠ ᠲᠠᠷᠢᠯᠭ᠎ᠠ ᠬᠢᠬᠦ ᠬᠡᠷᠡᠭᠲᠡᠶ᠃ ᠰᠢᠨᠵᠢᠯᠡᠬᠦ | ᠤᠬᠠᠭᠠᠨᠴᠢ ᠦᠨᠡᠯᠡᠯᠲᠡ ᠶᠢᠨ ᠰᠢᠰᠲ᠋ᠧᠮ ᠪᠣᠯᠤᠨ ᠵᠢᠷᠤᠮᠵᠢᠭᠰᠠᠨ ᠲᠠᠷᠢᠯᠭ᠎ᠠ ᠶᠢᠨ ᠲᠠᠰ ᠳᠠᠷᠠᠭᠠᠯᠠᠯ ᠨᠢ ᠠᠶᠤᠯ | ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ ᠬᠡᠦᠬᠡᠳ ᠤᠨ ᠲᠤᠰ ᠪᠡᠶ᠎ᠡ ᠶᠢᠨ ᠡᠷᠡᠭᠦᠯ ᠮᠡᠨᠳᠦ ᠶᠢ | ᠬᠠᠮᠠᠭᠠᠯᠠᠬᠤ ᠮᠥᠷᠲᠡᠭᠡᠨ ᠪᠠᠰᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ | ᠪᠣᠯᠤᠨ᠎ᠠ ᠭᠡᠵᠠᠢ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠪᠣᠭᠳᠠᠯ ᠪᠥᠬᠦᠶ | ᠲᠤᠰᠬᠠᠶ ᠮᠡᠷᠭᠡᠵᠢᠯᠲᠡᠨ᠂ ᠬᠡᠷ ᠤᠨ ᠠᠬᠠᠮᠠᠳ ᠪᠣᠯᠤᠨ ᠡᠮᠴᠢᠯᠡᠭᠡᠨ ᠤ ᠪᠠᠶᠢᠭᠤᠯᠤᠮᠵᠢ ᠨᠢᠭᠲᠠ ᠬᠠᠮᠲᠤᠷᠠᠯᠴᠠᠵᠤ᠂ | ᠸᠠᠺᠼᠢᠨ ᠳᠠᠷᠢᠬᠤ ᠠᠴᠠ ᠡᠮᠦᠨᠡᠬᠢ ᠦᠨᠡᠯᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠡᠯ᠎ᠡ | ᠡᠲᠡᠭᠡᠳ ᠤᠨ ᠬᠢᠨ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ | ᠂ ᠸᠠᠺᠼᠢᠨ ᠤ ᠲᠠᠷᠢᠯᠭ᠎ᠠ ᠶᠢᠨ ᠴᠢᠬᠤᠯᠠ ᠴᠢᠨᠠᠷ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠶᠢ ᠳᠡᠭᠡᠭᠰᠢᠯᠡᠭᠦᠯᠬᠦ | ᠬᠡᠷᠡᠭᠲᠡᠶ ᠭᠡᠵᠦ ᠰᠠᠨᠠᠭᠤᠯᠪᠠ᠃ ︵︽ᠰᠢᠨᠬᠤᠸᠠ ᠰᠦᠯᠵᠢᠶ᠎ᠠ︾ ᠠᠴᠠ ᠰᠢᠯᠵᠢᠬᠦᠯᠪᠡ︶ |