ᠣᠶ ᠰᠢᠭᠤᠶ ᠨᠤᠳᠤᠬ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ | ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠣᠶ ᠰᠢᠭᠤᠶ ᠨᠤᠲᠤᠭ ᠪᠡᠯᠴᠢᠭᠡᠷ ᠤᠨ | ᠠᠮᠢ ᠠᠬᠤᠶ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ | ᠲᠥᠯᠥᠭᠡ᠂ ᠦᠢᠷ᠎ᠠ ᠶᠢᠨ ᠡᠳᠦᠷ ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ︽ᠣᠶ ᠰᠢᠭᠤᠶ ᠨᠤᠲᠤᠭ | ᠪᠡᠯᠴᠢᠭᠡᠷ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠬᠠᠤᠯᠢ ᠪᠠᠷ ᠵᠠᠰᠠᠬᠤ ᠬᠠᠯᠬᠠᠪᠴᠢ ᠶᠢ | ᠬᠠᠮᠲᠤ ᠪᠠᠷ ᠴᠤᠬᠴᠠᠯᠠᠬᠤ︾ ᠣᠶ ᠰᠢᠭᠤᠶ ᠨᠤᠳᠤᠬ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠶᠡᠷᠦᠩᠬᠡᠶᠢᠯᠡᠨ ᠵᠠᠰᠠᠬᠤ | ᠤᠬᠠᠭᠤᠯᠭ᠎ᠠ ᠶᠢᠨ ᠲᠤᠰᠬᠠᠶ ᠠᠵᠢᠯᠯᠠᠭ᠎ᠠ ᠶᠢ ᠨᠠᠷᠢᠨ ᠨᠢᠮᠪᠠᠶ ᠤᠬᠠᠭᠤᠯᠤᠨ ᠦᠷᠨᠢᠬᠦᠯᠪᠠ᠃ | ᠠᠵᠢᠯᠯᠠᠭ᠎ᠠ ᠳᠤ᠂ ᠬᠢᠨᠭ᠍ᠭᠠᠨ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠪᠤᠯᠤᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠡᠮᠦᠨᠡᠲᠦ ᠬᠤᠰᠢᠭᠤᠨ ᠤ ᠣᠶ ᠰᠢᠭᠤᠶ | ᠨᠤᠳᠤᠬ ᠪᠡᠯᠴᠢᠭᠡᠷ ᠤᠨ ᠲᠣᠪᠴᠢᠶ᠎ᠠ ᠬᠠᠮᠳᠤᠷᠠᠨ ᠬᠦᠳᠡᠭᠡ ᠳᠤᠰᠬᠤᠨ ᠮᠠᠯᠵᠢᠬᠤ ᠤᠷᠤᠨ ᠢᠶᠠᠷ ᠬᠦᠨᠵᠡᠭᠡᠶᠢᠷᠡᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠤᠬᠴᠢ ᠠᠴᠠ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠶᠢᠨ ᠲᠠᠭᠠᠤ ᠣᠯᠠᠨ | ᠲᠦᠮᠡᠨ ᠳᠤ ᠬᠢᠩᠭᠠᠨ ᠠᠶᠢᠮᠠᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ | ᠲᠠᠨᠢᠯᠴᠠᠭᠤᠯᠵᠦ᠂ ᠤᠬᠠᠭᠤᠯᠭ᠎ᠠ ᠶᠢᠨ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠂ ᠲᠣᠰ | ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 400 ᠭᠠᠷᠤᠶ ᠳᠡᠪᠲᠡᠷ᠂ ᠬᠠᠤᠯᠢ ᠪᠠᠷ | ᠵᠠᠰᠠᠬᠤ ᠬᠡᠷᠡᠭᠯᠡᠭᠡᠨ ᠤ ᠵᠦᠢᠯ ᠢ 300 ᠬᠤᠪᠢ ᠲᠠᠷᠬᠠᠭᠠᠪᠠ᠃ | — ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠢᠨ | ᠪᠠᠶᠠᠨᠬᠤᠰᠢᠭᠤ ᠪᠠᠯᠭᠠᠰᠤᠨ ᠤ ᠰᠢᠷᠠᠳᠤᠪᠤ ᠭᠠᠴᠠᠭᠠᠨ ᠤ ᠮᠡᠳᠡᠭᠦᠯᠦᠯᠲᠡ ᠶᠢᠨ ᠲᠢᠩᠬᠢᠮ ᠳᠤ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠨᠡᠶᠢᠭᠡᠮ ᠤᠨ ᠵᠠᠰᠠᠯᠲᠠ ᠶᠢᠨ ᠬᠠᠤᠯᠢ ᠪᠠᠷ | ᠵᠠᠰᠠᠬᠤ ᠤᠬᠠᠭᠤᠯᠭ᠎ᠠ ᠶᠢᠨ ᠲᠤᠰᠬᠠᠶ ᠠᠵᠢᠯᠯᠠᠭ᠎ᠠ ᠶᠢᠨ ᠪᠣᠯᠪᠠᠰᠤᠷᠠᠯ ᠤᠨ ᠬᠤᠷᠠᠯ ᠡᠷᠭᠢᠯᠡᠵᠦ᠂ ︽ᠣᠶ ᠰᠢᠭᠤᠶ | ᠨᠤᠳᠤᠬ ᠪᠡᠯᠴᠢᠭᠡᠷ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠬᠠᠤᠯᠢ ᠪᠠᠷ ᠵᠠᠰᠠᠬᠤ ᠬᠠᠯᠬᠠᠪᠴᠢ ᠶᠢ | ᠬᠠᠮᠲᠤ ᠪᠠᠷ ᠴᠤᠬᠴᠠᠯᠠᠬᠤ︾ ᠪᠠᠷ ᠭᠤᠤᠯ ᠰᠡᠳᠦᠪ ᠪᠣᠯᠭᠠᠵᠤ᠂ ᠪᠠᠶᠠᠨᠬᠤᠰᠢᠭᠤ ᠪᠠᠯᠭᠠᠰᠤᠨ ᠤ 22 ᠭᠠᠴᠠᠭᠠᠨ ᠤ | ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ᠂ ᠬᠠᠤᠯᠢ ᠤᠶᠢᠯᠠᠭᠠᠬᠴᠢ ᠳᠤ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠩᠨᠡᠭᠡ ᠶᠢᠨ ᠬᠦᠴᠦᠨ ᠢ ᠨᠢᠬᠳᠠᠷᠠᠭᠤᠯᠵᠦ᠂ ᠣᠯᠠᠨ ᠲᠦᠮᠡᠨ ᠤ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ | ᠬᠠᠮᠲᠤ ᠪᠠᠷ ᠰᠠᠬᠢᠨ ᠬᠠᠮᠠᠭᠠᠯᠠᠬᠤ ᠲᠤᠬᠠᠶ ᠤᠬᠠᠭᠤᠯᠤᠨ ᠲᠠᠶᠢᠯᠪᠤᠷᠢᠯᠠᠪᠡ᠃ | — ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢ ᠴᠠᠭᠠᠵᠠ ᠶᠢᠨ ᠪᠠᠳᠤᠯᠠᠭ᠎ᠠ | ᠬᠠᠨᠭ᠍ᠭᠠᠵᠦ᠂ ᠦᠵᠡᠰᠭᠦᠯᠡᠩᠲᠦ ᠰᠠᠶᠢᠬᠠᠨ ᠵᠠᠯᠠᠶᠢᠳ ᠢ ᠬᠠᠮᠲᠤᠪᠠᠷ ᠪᠠᠶᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ | ᠢᠳᠡᠪᠬᠢᠲᠡᠢ ᠥᠷᠨᠢᠭᠦᠯᠪᠡ᠃ ᠬᠤᠳᠠᠯᠳᠤᠭᠠᠨ ᠤ ᠭᠠᠵᠠᠷ ᠲᠤ ᠤᠬᠠᠭᠤᠯᠭ᠎ᠠ ᠶᠢᠨ ᠴᠡᠭ ᠪᠠᠶᠢᠭᠤᠯᠵᠤ᠂ ᠬᠥᠨᠳᠡᠯᠡᠨ | ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠪᠠᠶᠢᠭᠤᠯᠵᠤ᠂ | ᠲᠤᠬᠠᠶ ᠶᠢᠨ ᠲᠠᠯᠠᠪᠤᠷ ᠲᠤ ᠣᠯᠠᠨ ᠲᠦᠮᠡᠨ ᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠤᠲᠤᠭ ᠪᠡᠯᠴᠢᠭᠡᠷ ᠤᠨ ᠬᠠᠤᠯᠢ︾ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠲᠤᠬᠠᠶ ᠵᠠᠯᠬᠠᠭᠠᠨ | ᠰᠢᠳᠭᠡᠬᠦ ᠵᠦᠢᠯ ᠵᠤᠷᠪᠤᠰ ᠢ ᠲᠦᠭᠡᠮᠡᠯᠵᠢᠭᠦᠯᠪᠡ᠃ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠦᠨᠳᠦᠰᠦᠨ | ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠬᠢᠨ ᠰᠤᠮᠤ ᠰᠢᠶᠠᠩ ᠪᠠᠯᠭᠠᠰᠤᠨ ᠳᠤ ᠵᠡᠷᠭᠡᠪᠡᠷ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠴᠦ᠂ ᠣᠶ | ᠰᠢᠭᠤᠶ ᠨᠤᠳᠤᠬ ᠪᠡᠯᠴᠢᠭᠡᠷ ᠢ ᠬᠠᠮᠠᠭᠠᠯᠠᠬᠤ ᠣᠶᠢᠯᠠᠭᠠᠭᠳᠠᠬᠤᠨ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠪᠡ᠃ | ᠠᠵᠢᠯᠯᠠᠭ᠎ᠠ ᠳᠤ ᠨᠡᠶᠢᠲᠡ 3000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 5000 ᠭᠠᠷᠤᠶ | ᠬᠥᠮᠦᠨ ᠤᠳᠠᠭ᠎ᠠ ᠠᠰᠢᠬ ᠬᠦᠷᠳᠡᠭᠡᠪᠡ᠃ | — ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠢᠨ ᠬᠤᠲᠠ ᠶᠢᠨ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠰᠢᠨᠴᠸᠡᠭ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ ᠬᠠᠤᠯᠢ ᠤᠶᠢᠯᠠᠭᠠᠬᠴᠢ ᠶᠢᠨ ᠪᠣᠯᠪᠠᠰᠤᠷᠠᠯ ᠡᠷᠭᠢᠯᠡᠬᠦ ᠪᠠᠷ ᠳᠠᠮᠵᠢᠭᠤᠯᠤᠨ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠪᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠳᠤ ᠲᠠᠶᠢᠯᠤᠮᠵᠢ ᠬᠢᠵᠠᠢ᠃ ᠡᠭᠦᠨ ᠤ | ᠬᠠᠮᠲᠤ᠂ ︽ᠤᠯᠠᠭᠠᠨᠬᠤᠲᠠ ᠶᠢᠨ ᠪᠢᠴᠢᠯ ᠬᠠᠤᠯᠢ ᠲᠦᠭᠡᠮᠡᠯᠵᠢᠭᠦᠯᠬᠦ︾ ᠨᠡᠶᠢᠲᠡ ᠶᠢᠨ ᠳ᠋ᠤᠭᠠᠷ ᠵᠢᠴᠢ ᠰᠠᠭᠤᠭᠠᠯᠢ | ᠠᠷᠠᠳ ᠤᠨ ᠸᠢᠴᠠᠲ ᠤᠨ ᠬᠤᠯᠪᠤᠭ᠎ᠠ ᠶᠢ ᠠᠰᠢᠭᠯᠠᠨ᠂ ᠬᠠᠮᠢᠶ᠎ᠠ ᠪᠥᠬᠦᠶ ᠬᠠᠤᠯᠢ ᠲᠦᠭᠡᠮᠡᠯᠵᠢᠭᠦᠯᠬᠦ ᠮᠡᠳᠡᠭᠡ ᠵᠠᠩᠭᠢ ᠶᠢ | ᠬᠦᠷᠭᠡᠵᠦ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠭᠡᠵᠠᠢ᠃ | — ᠲᠦᠴᠢᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠣᠶ ᠰᠢᠭᠤᠶ ᠨᠤᠳᠤᠬ ᠪᠡᠯᠴᠢᠭᠡᠷ ᠤᠨ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠬᠠᠤᠯᠢ ᠪᠠᠷ ᠵᠠᠰᠠᠬᠤ ᠬᠠᠯᠬᠠᠪᠴᠢ ᠶᠢ ᠬᠠᠮᠲᠤ ᠪᠠᠷ | ᠴᠤᠬᠴᠠᠯᠠᠬᠤ︾ ᠪᠠᠷ ᠭᠤᠤᠯ ᠰᠡᠳᠦᠪ ᠪᠣᠯᠭᠠᠵᠤ᠂ ᠰᠢᠶᠠᠨ ᠤ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ | ᠭᠠᠵᠠᠷ ᠲᠠᠢ ᠬᠠᠮᠲᠤᠷᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ | ᠃ ᠡᠯ᠎ᠡ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠨᠡᠶᠢᠳᠡᠯᠢᠭ | ᠬᠡᠷᠡᠭ ᠤᠨ ᠵᠢᠱᠢᠶ᠎ᠡ ᠶᠢ ᠵᠠᠳᠠᠯᠤᠨ ᠳᠠᠶᠢᠯᠪᠤᠷᠢᠯᠠᠬᠤ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠲᠡᠷᠭᠡ ᠪᠠᠷ ᠣᠶ | ᠰᠢᠭᠤᠶ ᠨᠤᠳᠤᠬ ᠪᠡᠯᠴᠢᠭᠡᠷ ᠤᠨ ᠬᠠᠮᠠᠭᠠᠯᠠᠯᠳᠠ ᠶᠢᠨ ᠬᠠᠤᠯᠢ ᠶᠢ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠨ᠂ ᠮᠠᠯᠴᠢᠨ ᠲᠠᠷᠢᠶᠠᠴᠢᠤᠨ ᠲᠤ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠪᠠ᠃ | — ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠢᠨ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ᠂ ᠰᠢᠨᠴᠸᠡᠭ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠢᠷᠪᠢᠰ ᠬᠢᠯᠢ ᠶᠢᠨ ᠲᠣᠮᠢᠯᠠᠭᠰᠠᠨ | ᠰᠠᠯᠪᠤᠷᠢ ᠵᠡᠷᠭᠡ ᠨᠢᠭᠡᠴᠢ ᠲᠠᠢ ᠬᠠᠮᠲᠤᠷᠠᠨ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠲᠥᠪᠯᠡᠷᠡᠨ | ᠰᠠᠭᠤᠭᠰᠠᠨ ᠭᠠᠵᠠᠷ ᠣᠷᠤᠨ ᠢᠶᠠᠷ ᠬᠦᠷᠴᠦ ᠤᠬᠠᠭᠤᠯᠭ᠎ᠠ ᠬᠢᠵᠠᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠲᠠᠳ ᠣᠯᠠᠨ ᠲᠦᠮᠡᠨ ᠳᠤ ︽ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠬᠠᠤᠯᠢ︾᠂ ︽ᠵᠠᠰᠠᠭ ᠵᠠᠬᠢᠷᠭᠠᠨ ᠤ ᠰᠢᠳᠭᠡᠯ ᠤᠨ ᠬᠠᠤᠯᠢ︾ ᠵᠡᠷᠭᠡ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠡᠪᠲᠡᠷ ᠢ ᠲᠠᠷᠬᠠᠭᠠᠬᠰᠠᠨ ᠢᠶᠠᠷ ᠪᠠᠷᠠᠬᠤ ᠥᠬᠡᠶ ᠪᠠᠰᠠ | ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠶᠢᠨ ᠵᠤᠷᠪᠤᠰ ᠲᠤ ᠲᠠᠶᠢᠯᠤᠮᠵᠢ ᠬᠢᠪᠠ᠃ ᠲᠣᠰ | ᠤᠳᠠᠭᠠᠨ ᠤ ᠠᠵᠢᠯᠯᠠᠭ᠎ᠠ ᠨᠢ 90 ᠭᠠᠷᠤᠶ ᠬᠥᠮᠦᠨ ᠢ ᠬᠠᠮᠤᠷᠴᠤ᠂ 110 ᠭᠠᠷᠤᠶ ᠬᠤᠪᠢ ᠤᠬᠠᠭᠤᠯᠭ᠎ᠠ ᠶᠢᠨ | ᠬᠠᠭᠤᠳᠠᠰᠤ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠤᠷᠤᠯᠴᠠᠬᠤ ᠢᠳᠡᠪᠬᠢᠵᠢᠯ ᠢ ᠶᠡᠭᠡᠪᠡᠷ | ᠳᠠᠶᠢᠴᠢᠯᠠᠬᠰᠠᠨ ᠪᠠᠶᠢᠨ᠎ᠠ᠃ | ᠪᠦᠬᠦ ᠠᠶᠢᠮᠠᠬ ᠤᠨ ᠡᠯ᠎ᠠ ᠭᠠᠵᠠᠷ ᠤᠨ ᠬᠢᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠢᠳᠡᠪᠬᠢᠲᠡᠶ | ᠴᠢᠷᠮᠠᠶᠢᠯᠭ᠎ᠠ ᠪᠠᠷ ᠳᠡᠮᠵᠢᠨ᠂ ᠲᠣᠰ ᠤᠳᠠᠭᠠᠨ ᠤ ᠣᠶ ᠰᠢᠭᠤᠶ ᠨᠤᠳᠤᠬ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ | ᠶᠡᠷᠦᠩᠬᠡᠶᠢᠯᠡᠨ ᠵᠠᠰᠠᠬᠤ ᠬᠠᠤᠯᠢᠵᠢᠯ ᠤᠬᠠᠭᠤᠯᠭ᠎ᠠ ᠶᠢᠨ ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ | ᠤᠬᠠᠭᠤᠯᠭ᠎ᠠ ᠶᠢᠨ ᠦᠷ᠎ᠡ ᠪᠦᠲᠦᠮᠵᠢ ᠠᠴᠠ ᠦᠵᠡᠪᠡᠯ᠂ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠡᠭᠡ ᠪᠠᠷ | ᠳᠡᠭᠡᠭᠰᠢᠯᠡᠵᠦ᠂ ᠣᠶ ᠰᠢᠭᠤᠶ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠢᠯᠡᠳᠲᠡ | ᠴᠢᠩᠭᠠᠷᠠᠭᠤᠯᠵᠦ᠂ ᠪᠥᠬᠦ ᠨᠡᠶᠢᠭᠡᠮ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠲᠤ ᠪᠠᠷ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠶᠢᠮᠠᠭ ᠤᠨ ᠣᠶ ᠰᠢᠭᠤᠶ ᠨᠤᠲᠤᠭ | ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠴᠡᠶ᠃ ᡁᠢ ᠮᠢᠨ ᠳ᠋ᠦ᠋ | ᠬᠤᠩ ᠸᠧᠢ ᠮᠡᠳᠡᠭᠡᠯᠡᠪᠡ |