ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠬᠴᠠᠯᠠᠵᠣ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ  ᠶᠢ ᠠᠬᠢᠭᠤᠯᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠰ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠶᠢᠨ ᠲᠦᠯᠣᠭᠡ᠂ 5 ᠰᠠᠷ᠎ᠠ ᠶᠢᠨ 6 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭᠠᠨ ᠳᠤ᠂ ᠾᠧ ᠪᠢᠨ ᠨᠡᠶᠢᠭᠡᠮ ᠲᠣᠭᠤᠷᠢᠭ ᠤᠨ ᠵᠠᠯᠠᠭᠤᠴᠤᠳ ᠤᠨ ᠡᠪᠯᠡᠯ ᠤᠨ ᠭᠡᠰᠢᠭᠦᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠬᠴᠠᠯᠠᠬᠤ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠤᠯᠠᠨ ᠲᠦᠮᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠪᠠ ᠡᠵᠡᠮᠰᠢᠬᠦ ᠶᠢ ᠠᠬᠢᠭᠤᠯᠪᠠ᠃     ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠾᠧ ᠪᠢᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠣᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠢᠶᠠᠷ ᠭᠤᠤᠯ ᠪᠣᠯᠭᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠣᠨ᠂ ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠦᠮᠣᠰ ᠮᠡᠲᠦ ᠳᠣᠲᠣᠨᠣ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ᠎ᠡ᠃
 
ᠢᠷᠡᠯᠲᠡ᠄ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠭᠡᠷᠡᠭ ᠡᠷᠬᠢᠯᠡᠬᠦ ᠭᠠᠵᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号