ᠲᠢᠶᠠᠨ ᡂᠢ ᠨᠡᠶᠢᠭᠡᠮ ᠲᠣᠭᠤᠷᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/9
    ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠣᠨ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 6 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ᠃    ᠲᠣᠰ ᠠᠵᠢᠯᠯᠠᠭᠠᠨ ᠳᠤ᠂ ᠠᠵᠢᠯᠲᠠᠳ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠤᠯᠤᠰ ᠤᠨ ᠬᠠᠭᠠᠴᠠᠯ ᠢ ᠡᠰᠡᠷᠭᠦᠴᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾᠂ ︽ᠵᠢᠷᠭᠤᠭᠠᠨ  ᠦᠬᠦᠯᠡᠪᠣᠷᠢ ᠶᠢᠨ ᠪᠣᠳᠠᠲᠤ ᠶᠠᠪᠤᠳᠠᠯ ᠪᠠ ᠶᠣᠰᠣ ᠣᠴᠢᠷ︾᠂ ︽ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ︾ ᠵᠡᠷᠭᠡ ᠤᠬᠠᠭᠤᠯᠭ᠎ᠠ ᠶᠢᠨ  ᠭᠠᠷ ᠳᠡᠪᠲᠡᠷ ︵ᠬᠠᠭᠤᠳᠠᠰᠤ︶ ᠢ 50 ᠭᠠᠷᠤᠶ ᠬᠤᠪᠢ ᠲᠠᠷᠬᠠᠭᠠᠪᠠ᠃ ᠡᠭᠦᠨ ᠤ ᠬᠠᠮᠲᠤ ᠣᠯᠠᠨ ᠲᠦᠮᠡᠨ ᠤ ᠡᠷᠡᠭᠡᠯᠵᠡᠯ ᠲᠠᠢ ᠠᠰᠠᠭᠤᠯᠳᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠥᠪᠥᠷ ᠮᠣᠩᠭᠤᠯ ᠣᠷᠣᠨ ᠳᠠᠬᠢ ᠴᠢᠬᠤᠯᠠ ᠪᠠᠶᠢᠷᠢ ᠰᠠᠭᠤᠷᠢ ᠪᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠵᠤ᠂ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠬᠤ ᠬᠡᠮᠵᠢᠶ᠎ᠠ  ᠶᠢ ᠳᠡᠭᠡᠭᠰᠢᠯᠡᠭᠦᠯᠦᠨ᠂ ᠣᠯᠠᠨ ᠲᠦᠮᠡᠨ ᠤ ᠤᠯᠤᠰ ᠬᠦᠷᠣᠨ ᠤ ᠦᠵᠡᠯ ᠤᠬᠠᠮᠰᠠᠷ᠂ ᠠᠷᠠᠳ ᠢᠷᠭᠡᠳ ᠤᠨ ᠦᠵᠡᠯ ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠬᠢᠭᠡᠳ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠲᠡᠭᠡᠭᠰᠢᠯᠠᠬᠦᠯᠪᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号