︽ᠳᠤᠯᠠᠭᠠᠨ ᠷᠠᠰᠢᠶᠠᠨ︾ ᠭᠡᠬᠦ ᠵᠢᠭᠤᠯᠴᠢᠯᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠪᠦᠬᠦ ᠬᠦᠴᠦᠨ ᠢᠶᠠᠷ | ᠡᠭᠦᠳᠴᠦ᠂ ᠷᠠᠰᠢᠶᠠᠨ ᠤ ᠳᠡᠯᠡᠬᠡᠢ ᠶᠢᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠬᠦ ᠬᠤᠲᠠ ᠶᠢᠨ ᠺᠠᠳ᠋ᠷ ᠠᠵᠢᠯᠲᠠᠨ ᠤ ᠦᠵᠡᠮᠵᠢ ᠶᠢᠨ ᠣᠷᠣᠨ ᠢᠶᠠᠷ ᠬᠦᠷᠴᠦ | ᠪᠠᠶᠢᠴᠠᠭᠠᠨ ᠰᠤᠳᠤᠯᠵᠦ ᠪᠡᠶᠡᠴᠢᠯᠡᠨ ᠣᠶᠢᠯᠠᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ 5 ᠰᠠᠷ᠎ᠠ ᠶᠢᠨ 7 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ | ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠤᠨ ᠷᠠᠰᠢᠶᠠᠨ ᠤ ᠦᠵᠡᠮᠵᠢ ᠶᠢᠨ ᠣᠷᠣᠨ ᠢᠶᠠᠷ ᠬᠦᠷᠴᠦ᠂ ᠪᠠᠶᠢᠴᠠᠭᠠᠨ | ᠰᠤᠳᠤᠯᠵᠦ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠪᠠ᠃ | ᠠᠵᠢᠯᠯᠠᠭ᠎ᠠ ᠳᠤ ᠣᠷᠣᠯᠴᠠᠬᠰᠠᠨ ᠺᠠᠳ᠋ᠷ ᠠᠵᠢᠯᠲᠠᠳ ᠪᠠᠶᠢᠴᠠᠭᠠᠨ ᠰᠣᠳᠣᠯᠬᠤ ᠶᠢᠨ ᠳᠠᠭᠠᠤ ᠲᠣᠭᠤᠷᠢᠨ ᠦᠵᠡᠵᠦ᠂ | ᠷᠠᠰᠢᠶᠠᠨ ᠤ ᠵᠢᠭᠤᠯᠴᠢᠯᠠᠯ ᠤᠨ ᠡᠬᠢ ᠪᠠᠶᠠᠯᠢᠭ᠂ ᠡᠵᠡᠩᠨᠡᠯᠲᠡ ᠬᠠᠮᠢᠶᠠᠷᠤᠯᠲᠠ ᠪᠣᠯᠤᠨ ᠠᠵᠤ ᠦᠢᠯᠡᠰ ᠤᠨ | ᠬᠥᠭᠵᠢᠯᠲᠡ ᠶᠢᠨ ᠲᠤᠬᠠᠢ ᠠᠯᠬᠤᠮ ᠠᠯᠬᠤᠮ ᠢᠶᠠᠷ ᠪᠦᠬᠦ ᠲᠠᠯ᠎ᠠ ᠶᠢᠨ ᠭᠦᠨᠵᠡᠭᠡᠢ ᠲᠠᠨᠢᠯᠲᠠ ᠲᠠᠢ ᠪᠣᠯᠵᠠᠢ᠃ | ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠦᠵᠡᠮᠵᠢ ᠶᠢᠨ ᠣᠷᠣᠨ ᠤ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ | ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠣᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠵᠡᠷᠭᠡ ᠭᠤᠤᠯ ᠵᠥᠪᠯᠡᠬᠦ ᠰᠡᠳᠦᠪ ᠤᠨ ᠲᠣᠭᠤᠷᠢᠨ ᠳᠤ ᠬᠥᠭᠵᠢᠶᠡᠨᠲᠡᠶ ᠶᠠᠷᠢᠯᠴᠠᠭ᠎ᠠ ᠥᠷᠨᠢᠭᠦᠯᠦᠭᠰᠡᠨ ᠪᠥᠭᠡᠳ | ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ AR᠂ VR ᠮᠡᠷᠭᠡᠵᠢᠯ ᠢ ᠬᠡᠷᠡᠭᠯᠡᠵᠦ᠂ ︽ᠰᠣᠶᠣᠯ + ᠰᠢᠨᠵᠢᠯᠡᠬᠦ | ᠤᠬᠠᠭᠠᠨ ᠮᠡᠷᠭᠡᠵᠢᠯ︾ ᠢ ᠪᠡᠶᠡᠴᠢᠯᠡᠨ ᠣᠶᠢᠯᠠᠭᠠᠬᠤ ᠪᠠᠶᠢᠳᠠᠯ ᠢ ᠪᠠᠶᠢᠭᠤᠯᠬᠤ ᠪᠠᠷ ᠳᠤᠷᠠᠳᠪᠠ᠃ ᠤᠮᠠᠷᠠᠲᠤ ᠬᠢᠯᠢ ᠶᠢᠨ | ᠰᠣᠶᠣᠯ ᠢᠶᠠᠷ ᠦᠨᠳᠦᠰᠦ ᠪᠣᠯᠭᠠᠵᠤ᠂ ︽ᠷᠠᠰᠢᠶᠠᠨ ᠤ ᠪᠡᠯᠡᠭ︾ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ | ᠵᠡᠷᠭᠡ ᠠᠯᠢ ᠣᠯᠠᠨ ᠤᠷᠢᠳᠠᠴᠢ ᠴᠢᠨᠠᠷᠲᠠᠶ ᠪᠠ ᠪᠣᠳᠠᠲᠤ ᠠᠵᠢᠯᠯᠠᠭᠠᠨ ᠤ ᠴᠢᠨᠠᠷᠲᠠᠶ ᠰᠢᠯᠢᠳᠡᠭ ᠰᠠᠶᠢᠨ ᠰᠠᠨᠠᠭᠤᠯᠭ᠎ᠠ ᠶᠢ | ᠲᠣᠷᠡᠳᠴᠣ᠂ ᠦᠵᠡᠮᠵᠢ ᠶᠢᠨ ᠣᠷᠣᠨ ᠤ ᠬᠥᠭᠵᠢᠯᠲᠡ ᠳᠤ ᠣᠯᠠᠨ ᠡᠰᠢᠲᠦ ᠣᠶᠤᠨ ᠤᠬᠠᠭᠠᠨ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠪᠦᠬᠦ ᠺᠠᠳ᠋ᠷ ᠠᠵᠢᠯᠳᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠳᠡ ᠪᠠᠷ | ᠲᠠᠮᠵᠢᠨ ᠠᠵᠠ ᠲᠣᠬᠢᠶᠠᠯ ᠪᠣᠯᠭᠠᠵᠤ᠂ ᠷᠠᠰᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠦᠢᠯᠡᠰ ᠲᠤ ᠢᠳᠡᠪᠬᠢᠲᠡᠢ | ᠣᠷᠣᠯᠴᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠷᠠᠰᠢᠶᠠᠨ ᠤ | ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠪᠤᠶᠢᠵᠢᠭᠤᠯᠣᠨ ᠬᠦᠭᠵᠢᠬᠦᠯᠵᠣ᠂ ︽ᠳᠤᠯᠠᠭᠠᠨ | ᠷᠠᠰᠢᠶᠠᠨ︾ ᠭᠡᠬᠦ ᠵᠢᠭᠤᠯᠴᠢᠯᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠨ᠎ᠡ᠃ | |