2025 ᠣᠨ ᠤ ᠨᠢᠭᠡᠳᠣᠭᠡᠷ ᠬᠤᠭᠤᠴᠠᠭᠠᠨ ᠤ ᠠᠯᠪᠡᠨ ᠮᠡᠳᠡᠭᠡ
ᠨᠡᠶᠢᠲᠡᠯᠡᠭᠰᠡᠨ ᠴᠠᠭ᠄
2025/5/9
    ︽︿ᠷᠠᠰᠢᠶᠠᠨ ᠤ ᠷᠠᠰᠢᠶᠠᠨ ᠤᠰᠤ﹀ ᠶᠢᠨ ᠭᠠᠵᠠᠷ ᠵᠦᠶ ᠶᠢᠨ ᠢᠯᠡᠷᠭᠡᠶᠢᠯᠡᠯᠳᠣ ᠲᠤᠰᠬᠠᠶ ᠲᠡᠮᠳᠡᠭ ᠤᠨ ᠬᠡᠷᠡᠭᠯᠡᠯᠳᠡ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ     ᠷᠡᠰᠢᠶᠠᠨ ᠵᠠᠰᠠᠭ ᠲᠠᠷᠬᠠᠭᠠᠭᠰᠠᠨ〔2025〕 6 ᠳ᠋ᠤᠭᠠᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠭᠤᠳ ᠬᠠᠮᠢᠶᠠᠷᠤᠯᠲᠠ ᠶᠢᠨ ᠨᠢᠭᠡᠴᠢ ᠳᠤ᠄    ᠡᠳᠦᠭᠡ ︽︿ᠷᠠᠰᠢᠶᠠᠨ ᠤ ᠷᠠᠰᠢᠶᠠᠨ ᠤᠰᠤ﹀ ᠶᠢᠨ ᠭᠠᠵᠠᠷ ᠵᠦᠶ ᠶᠢᠨ ᠢᠯᠡᠷᠭᠡᠶᠢᠯᠡᠯᠳᠣ ᠲᠤᠰᠬᠠᠶ ᠲᠡᠮᠳᠡᠭ ᠤᠨ ᠬᠡᠷᠡᠭᠯᠡᠯᠳᠡ ᠬᠠᠮᠢᠶᠠᠷᠤᠯᠲᠠ ᠶᠢᠨ ᠠᠷᠭ᠎ᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠣᠭᠡᠷᠡᠢ᠃    ᠳᠠᠭᠠᠯᠳᠤᠭᠤᠯᠤᠯ᠄ ︽ᠷᠠᠰᠢᠶᠠᠨ ᠤ ᠷᠠᠰᠢᠶᠠᠨ ᠤᠰᠤ﹀  ᠶᠢᠨ ᠭᠠᠵᠠᠷ ᠵᠦᠶ ᠶᠢᠨ ᠢᠯᠡᠷᠭᠡᠶᠢᠯᠡᠯᠳᠣ ᠲᠤᠰᠬᠠᠶ ᠲᠡᠮᠳᠡᠭ ᠤᠨ ᠬᠡᠷᠡᠭᠯᠡᠯᠳᠡ ᠬᠠᠮᠢᠶᠠᠷᠤᠯᠲᠠ ᠶᠢᠨ ᠠᠷᠭ᠎ᠠ                       2025 ᠣᠨ ᠤ 2 ᠰᠠᠷ᠎ᠠ ᠶᠢᠨ 7 ᠤ ᠡᠳᠦᠷ    ※ ᠲᠠᠭᠠᠯᠳᠣᠭᠤᠯᠣᠯ ᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ  ᠠᠴᠠ ᠦᠵᠡᠭᠡᠷᠡᠢ︕    ︽ᠷᠠᠰᠢᠶᠠᠨ ᠬᠤᠲᠠ ᠶᠢᠨ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠣᠷᠡᠳᠡᠯ᠎ᠠ ᠮᠠᠯ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠣ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ     ᠷᠡᠰᠢᠶᠠᠨ ᠵᠠᠰᠠᠭ ᠲᠠᠷᠬᠠᠭᠠᠭᠰᠠᠨ 〔2025〕 9 ᠳ᠋ᠤᠬᠡᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠷᠠᠰᠢᠶᠠᠨ ᠬᠤᠲᠠ ᠶᠢᠨ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠣᠷᠡᠳᠡᠯ᠎ᠠ ᠮᠠᠯ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠣ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                      2025 ᠣᠨ ᠤ 2 ᠰᠠᠷ᠎ᠠ ᠶᠢᠨ 20 ᠤ ᠡᠳᠦᠷ    ※ ᠲᠠᠭᠠᠯᠳᠣᠭᠤᠯᠣᠯ ᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ  ᠠᠴᠠ ᠦᠵᠡᠭᠡᠷᠡᠢ︕     ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠬᠢᠭᠡᠳ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ ᠲᠤᠬᠠᠶ  ᠬᠤᠳᠡ ᠶᠢᠨ ᠠᠷᠡᠳ  ᠤᠨ ᠵᠠᠰᠠᠭ ᠤᠨ ᠣᠷᠳᠣᠨ ᠤ ᠮᠡᠳᠡᠭᠳᠡᠯ     ᠷᠡᠰᠢᠶᠠᠨ ᠵᠠᠰᠠᠭ ᠲᠠᠷᠬᠠᠭᠠᠬᠰᠠᠨ 〔2025〕 17 ᠳ᠋ᠤᠭᠠᠷ ᠲᠣᠭᠠᠲᠤ    ᠡᠯ᠎ᠡ ᠪᠠᠯᠭᠠᠰᠤ ᠵᠡᠭᠡᠯᠢ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠢ ᠪᠦᠲᠦᠮᠵᠢᠲᠡᠢ ᠲᠣᠬᠢᠷᠠᠭᠤᠯᠵᠤ᠂ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠵᠢᠯᠤᠭᠤᠳᠴᠤ᠂ ᠭᠠᠵᠠᠷ ᠰᠢᠷᠣᠢ ᠶᠢᠨ ᠦᠨ᠎ᠡ ᠬᠠᠩᠰᠢ ᠶᠢᠨ ᠴᠢᠬᠤᠯᠠ ᠲᠣᠬᠢᠷᠠᠭᠤᠯᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠬᠤᠲᠠ ᠶᠢᠨ ᠭᠠᠵᠠᠷ ᠰᠢᠷᠣᠢ ᠶᠢᠨ ᠦᠨ᠎ᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ︽ᠬᠤᠲᠠ ᠪᠠᠯᠭᠠᠰᠤᠨ ᠤ ᠭᠠᠵᠠᠷ ᠰᠢᠷᠣᠢ ᠶᠢ ᠲᠠᠰ ᠬᠤᠪᠢᠶᠠᠬᠤ ᠳᠦᠷᠢᠮ︾᠂ ︽ᠬᠤᠲᠠ ᠪᠠᠯᠭᠠᠰᠤᠨ ᠤ ᠭᠠᠵᠠᠷ ᠰᠢᠷᠣᠢ ᠶᠢᠨ ᠦᠨ᠎ᠡ ᠶᠢ ᠦᠨᠡᠯᠡᠬᠦ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠳᠤ ᠲᠣᠭᠲᠠᠭᠠᠭᠰᠠᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠢ ᠶᠢᠨ ᠲᠠᠰ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠦᠨᠡᠯᠡᠨ ᠵᠢᠱᠢᠭᠰᠡᠨ ᠦᠷ᠎ᠡ ᠪᠦᠲᠦᠭᠡᠯ ᠨᠢ ᠨᠢᠭᠡᠨᠲᠡ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠢᠴᠢ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠦᠪᠰᠢᠶᠠᠷᠡᠯ ᠢ ᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠬᠡᠷᠡᠭᠯᠡᠬᠦ ᠬᠡᠪᠴᠢᠶ᠎ᠡ ᠨᠢ ᠷᠠᠰᠢᠶᠠᠨ ᠬᠤᠲᠠ ᠶᠢᠨ ᠬᠠᠷᠢᠶ᠎ᠠ ᠣᠷᠣᠨ ᠤ ᠬᠡᠪᠴᠢᠶ᠎ᠡ ᠪᠣᠯᠤᠨ᠎ᠠ᠃    ᠬᠤᠶᠠᠷ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠨᠢ 2024 ᠣᠨ ᠤ 1 ᠰᠠᠷ᠎ᠠ ᠶᠢᠨ 1 ᠤ ᠡᠳᠦᠷ ᠢᠶᠠᠷ ᠦᠨᠡᠯᠡᠬᠦ ᠡᠳᠦᠷ ᠪᠣᠯᠭᠠᠵᠤ᠂ ᠬᠤᠳᠠᠯᠳᠤᠭᠠᠨ ᠤ ᠦᠢᠯᠡᠴᠢᠯᠡᠭᠡ᠂ ᠣᠷᠣᠨ ᠰᠠᠭᠤᠴᠠ᠂ ᠠᠵᠤ ᠦᠢᠯᠡᠳᠪᠦᠷᠢ᠂ ᠨᠡᠶᠢᠲᠡ ᠶᠢᠨ ᠬᠡᠷᠡᠭᠯᠡᠭᠡᠨ ᠤ  ᠲᠦᠬᠦᠭᠡᠷᠣᠮᠵᠢ ᠶᠢᠨ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠯᠡᠬᠦ ᠭᠠᠵᠠᠷ ᠵᠡᠷᠭᠡ ᠳᠥᠷᠪᠡᠨ ᠲᠥᠷᠥᠯ ᠤᠨ ᠬᠡᠷᠡᠭᠴᠡᠭᠡ ᠪᠠᠷ ᠬᠠᠤᠯᠢ ᠪᠠᠷ ᠲᠣᠭᠲᠠᠭᠠᠭᠰᠠᠨ ᠬᠠᠮᠤᠭ ᠤᠨ ᠥᠨᠳᠥᠷ ᠬᠡᠷᠡᠭᠯᠡᠬᠦ ᠬᠤᠭᠤᠴᠠᠭ᠎ᠠ ᠶᠢ ᠦᠨᠳᠦᠰᠦᠯᠡᠨ᠂ ᠨᠡᠭᠡᠭᠡᠨ ᠠᠰᠢᠭᠯᠠᠬᠤ ᠨᠥᠬᠦᠴᠡᠯ ᠳᠣᠤᠷᠠᠬᠢ ᠳᠤᠮᠳᠠᠴᠢ ᠭᠠᠵᠠᠷ ᠰᠢᠷᠣᠶ ᠶᠢᠨ ᠡᠷᠬᠡ ᠶᠢᠨ ᠦᠨ᠎ᠡ ᠶᠢ ᠲᠣᠭᠲᠠᠭᠠᠨ᠎ᠠ᠃    ᠲᠣᠰ ᠤᠳᠠᠭᠠᠨ ᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠣᠨ᠎ᠠ᠂ ᠤᠤᠯ ᠤᠨ 2018 ᠣᠨ ᠤ 8 ᠰᠠᠷ᠎ᠠ ᠶᠢᠨ 10 ᠤ ᠡᠳᠦᠷ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠠᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ ᠲᠤᠬᠠᠶ ᠮᠡᠳᠡᠭᠳᠡᠯ︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃    ᠳᠠᠭᠠᠯᠳᠤᠭᠤᠯᠤᠯ᠄ ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠬᠢᠭᠡᠳ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠤᠨ ᠬᠦᠰᠦᠨᠦᠭᠲᠦ                          2025 ᠣᠨ ᠤ 3 ᠰᠠᠷ᠎ᠠ ᠶᠢᠨ 25 ᠤ ᠡᠳᠦᠷ   ※ ᠲᠠᠭᠠᠯᠳᠣᠭᠤᠯᠣᠯ ᠢ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠬᠢᠳᠡᠳ ᠰᠦᠯᠵᠢᠶ᠎ᠠ ᠠᠴᠠ ᠦᠵᠡᠭᠡᠷᠡᠢ︕    
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号