ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠣᠯᠣᠰ ᠤᠨ ᠨᠢᠭᠡᠳᠣᠯᠳᠡᠢ ᠰᠢᠯᠭᠠᠯᠲᠠ ᠬᠦᠷᠴᠦ ᠢᠷᠡᠬᠦ | ᠲᠠᠰᠢᠷᠠᠮ ᠢᠶᠠᠷ᠂ ᠰᠢᠯᠭᠠᠭᠤᠯᠤᠭᠴᠢᠳ ᠤᠨ ᠪᠠᠴᠢᠮᠳᠠᠬᠤ ᠰᠡᠳᠬᠢᠯᠭᠡ ᠶᠢ ᠨᠠᠮᠳᠠᠭᠤᠯᠵᠤ᠂ ᠬᠠᠮᠤᠭ ᠤᠨ ᠰᠠᠶᠢᠨ | ᠪᠠᠶᠢᠳᠠᠯ ᠢᠶᠠᠷ ᠬᠥᠮᠦᠨ ᠤ ᠠᠮᠢᠳᠤᠷᠠᠯ ᠤᠨ ᠶᠡᠭᠡ ᠰᠢᠯᠭᠠᠯᠲᠠ ᠶᠢ ᠤᠭᠲᠤᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ | 6 ᠰᠠᠷ᠎ᠠ ᠶᠢᠨ 7 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠭᠠᠵᠠᠷ ᠲᠢᠶᠠᠨ ᡂᠢ ᠨᠡᠶᠢᠭᠡᠮ ᠲᠣᠭᠤᠷᠢᠭ ᠵᠢᠴᠢ ᠰᠠᠭᠤᠭ᠎ᠠ ᠪᠠᠶᠢᠭᠤᠯᠭ᠎ᠠ ᠨᠢᠭᠡᠴᠢ ᠲᠠᠢ ᠬᠠᠮᠲᠤᠷᠠᠨ ︽ | ᠬᠠᠶᠢᠷ᠎ᠠ ᠬᠠᠯᠠᠮᠵᠢ ᠶᠢᠨ ᠰᠢᠯᠭᠠᠯᠲᠠ ᠶᠢ ᠬᠠᠮᠠᠭᠠᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠣᠯᠣᠰ ᠤᠨ ᠨᠢᠭᠡᠳᠣᠯᠳᠡᠢ ᠰᠢᠯᠭᠠᠯᠲᠠ ᠶᠢᠨ | ᠬᠤᠭᠤᠴᠠᠭᠠᠨ ᠳᠤ᠂ ᠲᠢᠶᠠᠨ ᡂᠢ ᠪᠠᠯᠭᠠᠰᠤ ᠰᠠᠶᠢᠨ ᠳᠤᠷᠡᠴᠣᠣᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ | ᠰᠢᠯᠭᠠᠯᠲᠠ ᠶᠢᠨ ᠭᠠᠵᠡᠷ ᠤᠨ ᠡᠷᠬᠢᠨ ᠲᠣᠭᠤᠷᠢᠨ ᠳᠤ ᠣᠶᠢᠯᠡᠴᠢᠯᠡᠭᠡᠨ ᠤ ᠴᠡᠭ ᠲᠣᠬᠢᠷᠡᠭᠤᠯᠵᠣ᠂ ᠰᠢᠯᠭᠠᠭᠤᠯᠤᠭᠴᠢᠳ | ᠪᠣᠯᠤᠨ ᠬᠡᠷ ᠤᠨ ᠠᠬᠠᠮᠠᠳ ᠲᠤ ᠰᠣᠶᠢᠳᠬᠡᠯ ᠬᠤᠷᠢᠶᠠᠬᠤ ᠥᠬᠡᠶ ᠪᠠᠷ ᠤᠤᠭᠤᠬᠤ ᠤᠰᠤ᠂ ᠡᠮ ᠤᠨ ᠵᠣᠶᠢᠯᠡᠰ᠂ | ᠪᠠᠴᠢᠮ ᠪᠠᠶᠢᠳᠠᠯ ᠢ ᠠᠷᠭᠠᠴᠠᠭᠠᠬᠤ ᠪᠢᠴᠢᠭ ᠤᠨ ᠬᠡᠷᠡᠭᠰᠡᠯ ᠵᠡᠷᠭᠡ ᠡᠳ᠋ ᠪᠣᠳᠠᠰ ᠬᠠᠩᠭᠠᠵᠤ᠂ ᠰᠢᠯᠭᠠᠭᠤᠯᠤᠭᠴᠢᠳ ᠲᠤ | ᠪᠠᠲᠤᠯᠠᠭ᠎ᠠ ᠬᠠᠩᠭᠠᠪᠠ᠃ | ᠲᠢᠶᠠᠨ ᡂᠢ ᠪᠠᠯᠭᠠᠰᠤ ᠵᠢᠴᠢ ᠲᠢᠶᠠᠨ ᡂᠢ ᠨᠡᠶᠢᠭᠡᠮ ᠲᠣᠭᠤᠷᠢᠭ᠂ ᠰᠠᠭᠤᠭ᠎ᠠ ᠨᠢᠭᠡᠴᠢ ᠶᠢᠨ ᠬᠢᠨ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠨ ᠪᠦᠬᠦ ᠥᠷᠭᠡᠨ | ᠤᠯᠠᠨ ᠰᠤᠷᠤᠭᠴᠢᠳ ᠤᠨ ᠰᠢᠯᠭᠠᠯᠲᠠ ᠶᠢᠨ ᠲᠠᠯᠠᠪᠠᠢ ᠳᠡᠭᠡᠷ᠎ᠡ ᠰᠠᠯᠬᠢ ᠳᠠᠪᠠᠯᠭᠠᠨ ᠢ ᠵᠦᠰᠦᠨ ᠬᠠᠷᠰᠢ ᠰᠠᠭᠠᠳ ᠢ | ᠢᠯᠠᠨ ᠳᠠᠪᠠᠵᠤ᠂ ᠰᠢᠯᠢᠳᠡᠭ ᠬᠢᠷᠢ ᠪᠦᠲᠦᠮᠵᠢ ᠣᠯᠵᠤ᠂ ᠥᠪᠡᠷ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠴᠢᠩ | ᠰᠡᠳᠬᠢᠯ ᠠᠴᠠ ᠪᠠᠨ ᠬᠦᠰᠡᠨ ᠵᠥᠩᠨᠡᠵᠣ ᠪᠠᠶᠢᠨ᠎ᠠ᠃ |