ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠴᠠᠢ
ᠨᠡᠶᠢᠲᠡᠯᠡᠭᠰᠡᠨ ᠴᠠᠭ᠄
2025/6/10
    ᠣᠶᠢᠷ᠎ᠡ ᠶᠢᠨ ᠡᠳᠣᠷ ᠲᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠡᠷ ᠢᠶᠠᠷ ᠭᠦᠨᠵᠡᠭᠡᠶᠢᠷᠡᠵᠦ᠂ 12345 ᠠᠵᠢᠯ ᠤᠨ ᠬᠠᠭᠤᠳᠠᠰᠤ ᠪᠠᠷ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠣ᠂ ᠡᠶᠡᠳᠡᠭᠦᠯᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠰᠠᠭᠤᠭᠠᠯᠢ ᠠᠷᠠᠳ ᠤᠨ ᠵᠣᠪᠠᠨᠢᠵᠣ ᠰᠠᠨᠠᠭᠠᠰᠢᠷᠡᠵᠣ ᠪᠠᠶᠢᠭ᠎ᠠ ᠶᠠᠪᠤᠳᠠᠯ ᠢ ᠦᠨᠳᠦᠰᠦᠨ ᠱᠠᠲᠤᠨ ᠳᠤ ᠨᠢ ᠠᠷᠢᠯᠭᠠᠵᠤ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ ᠶᠤᠮ᠃    12345 ᠠᠵᠢᠯ ᠤᠨ ᠬᠠᠭᠤᠳᠠᠰᠤ ᠶᠢ ᠲᠣᠰᠣᠬᠰᠠᠨ ᠤ ᠳᠠᠷᠠᠭ᠎ᠠ᠂ ᠰᠧᠨᠸᠠᠩ ᠨᠡᠶᠢᠭᠡᠮ ᠲᠣᠭᠤᠷᠢᠭ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠤᠷᠰᠢᠯᠭ᠎ᠠ ᠲᠠᠢ ᠠᠵᠢᠯᠲᠠᠳ ᠢᠶᠠᠨ ᠵᠣᠬᠢᠶᠠᠨ ᠪᠠᠶᠢᠭᠤᠯᠤᠨ ᠡᠶᠡᠳᠡᠭᠦᠯᠬᠦ ᠳᠤᠭᠤᠶᠢᠯᠠᠩ ᠢ ᠪᠠᠶᠢᠭᠤᠯᠵᠤ᠂ ᠲᠡᠷᠡ ᠳᠠᠷᠤᠢ ᠳᠤᠨᠢ ᠠᠰᠠᠭᠤᠳᠡᠯ ᠢ ᠲᠣᠰᠬᠠᠬᠰᠠᠨ ᠠᠷᠡᠳ ᠲᠠᠢ ᠬᠠᠷᠢᠯᠴᠠᠵᠤ᠂ ᠬᠡᠷᠡᠭ ᠤᠨ ᠡᠬᠢ ᠡᠬᠦᠰᠣᠯ ᠪᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠪᠠ᠃ ᠳᠠᠷᠠᠭ᠎ᠠ ᠨᠢ᠂ ᠠᠵᠢᠯᠲᠠᠳ ᠬᠠᠮᠢᠶ᠎ᠠ ᠪᠥᠬᠦᠶ ᠰᠠᠭᠤᠭᠠᠯᠢ ᠲᠣᠭᠤᠷᠢᠭ ᠪᠣᠯᠤᠨ ᠰᠠᠭᠤᠭᠠᠯᠢ ᠠᠷᠠᠳ ᠤᠨ ᠬᠡᠷ ᠢᠶᠠᠷ ᠭᠦᠨᠵᠡᠭᠡᠶᠢᠷᠡᠵᠦ᠂ ᠠᠰᠠᠭᠤᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠬᠤ ᠡᠯ᠎ᠡ ᠲᠠᠯ᠎ᠠ ᠶᠢᠨ ᠬᠢᠨ ᠬᠦᠮᠣᠰ ᠲᠠᠢ ᠨᠢᠭᠤᠷᠲᠠᠨ ᠰᠠᠨᠠᠯ ᠢᠶᠠᠨ ᠰᠣᠯᠢᠯᠴᠠᠪᠠ᠃    ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠪᠠ᠃ ᠢᠷᠡᠭᠡᠳᠦᠶ ᠳᠤ ᠰᠸᠠᠸᠠᠩ ᠨᠡᠶᠢᠭᠡᠮ ᠲᠣᠭᠤᠷᠢᠭ ︽ᠠᠷᠠᠳ ᠲᠦᠮᠡᠨ ᠳᠤ ᠣᠶᠢᠯᠡᠴᠢᠯᠡᠬᠦ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ 12345 ᠠᠵᠢᠯ ᠤᠨ ᠬᠠᠭᠤᠳᠠᠰᠤ ᠶᠢ ᠬᠦᠢᠴᠡᠳᠬᠡᠬᠦ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠦᠢᠴᠡᠳᠬᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠰᠠᠭᠤᠭᠠᠯᠢ ᠠᠷᠠᠳ ᠲᠤ ᠨᠠᠩ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠬᠦᠳᠴᠣ ᠥᠭᠭᠦᠨ᠎ᠡ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号