ᠡᠮᠨᠡᠯᠬᠡ ᠶᠢᠨ ᠬᠤᠷᠢᠶ᠎ᠠ ᠶᠢᠨ ᠠᠵᠢᠯᠳᠠᠳ ᠤᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠦᠷ ᠲᠦᠪᠰᠢᠨ ᠤ | ᠤᠬᠠᠮᠰᠠᠷ ᠢ ᠤᠯᠠᠮ ᠨᠢᠬᠡ ᠠᠯᠬᠤᠮ ᠴᠢᠩᠭᠠᠷᠠᠭᠤᠯᠵᠦ᠂ ᠬᠡᠨᠡᠳᠳᠡ ᠡᠬᠦᠰᠴᠦ ᠮᠡᠳᠡᠬᠦ ᠭᠠᠯ ᠤᠨ ᠠᠶᠦᠯ ᠢ | ᠠᠷᠭᠠᠴᠠᠭᠠᠨ ᠰᠶᠢᠳᠪᠦᠷᠢᠯᠡᠬᠦ ᠴᠢᠳᠠᠪᠦᠷᠢ ᠶᠢ ᠲᠡᠭᠡᠭᠰᠢᠯᠡᠬᠦᠯᠵᠦ᠂ ᠡᠪᠡᠳᠴᠢᠳᠡᠳ ᠵᠢᠴᠢ ᠡᠮᠴᠢᠯᠡᠬᠡᠨ ᠤ ᠠᠵᠢᠯᠳᠠᠳ ᠤᠨ | ᠠᠮᠢ ᠨᠠᠰᠦ ᠡᠳ᠋ ᠬᠦᠷᠦᠩᠭᠡ ᠶᠢᠨ ᠠᠮᠦᠷ ᠲᠦᠪᠰᠢᠨ ᠢ ᠦᠨᠡᠨᠬᠦ ᠪᠠᠳᠦᠯᠠᠬᠤ ᠶᠢᠨ ᠲᠦᠯᠦᠬᠡ᠂ ᠤᠶᠢᠷ᠎ᠠ ᠳᠤ ᠷᠠᠰᠢᠶᠠᠨ | ᠬᠤᠳᠠ ᠶᠢᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠶᠢᠨ ᠬᠢᠨ ᠬᠤᠳᠠ ᠶᠢᠨ | ᠠᠷᠠᠳ ᠤᠨ ᠡᠮᠨᠡᠯᠬᠡ ᠶᠢᠨ ᠬᠤᠷᠢᠶ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠳᠠᠨ᠂ ᠡᠮᠴᠢ ᠰᠤᠪᠢᠯᠠᠬᠴᠢ᠂ | ᠠᠷᠦ ᠲᠠᠯ᠎ᠠ ᠶᠢᠨ ᠦᠢᠯᠡᠴᠢᠯᠡᠬᠡᠨ ᠤ ᠠᠵᠢᠯᠳᠠᠨ᠂ ᠠᠮᠦᠷ ᠢ ᠬᠠᠮᠠᠭᠠᠯᠠᠬᠤ ᠠᠵᠢᠯᠳᠠᠳ ᠢ ᠵᠤᠬᠢᠶᠠᠨ ᠪᠠᠶᠢᠭᠤᠯᠤᠨ᠂ ᠭᠠᠯ | ᠰᠡᠷᠬᠡᠶᠢᠯᠡᠵᠦ ᠭᠠᠯ ᠤᠨᠳᠠᠷᠠᠭᠠᠬᠤ ᠮᠡᠳᠡᠯᠬᠡ ᠶᠢᠨ ᠪᠤᠯᠪᠠᠰᠦᠷᠠᠯ ᠦᠷᠨᠢᠬᠦᠯᠵᠡᠢ᠃ | ᠪᠤᠯᠪᠠᠰᠦᠷᠠᠯ ᠳᠤ ᠭᠠᠯ ᠰᠡᠷᠬᠡᠶᠢᠯᠡᠵᠦ ᠭᠠᠯ ᠤᠨᠳᠠᠷᠠᠭᠠᠬᠤ ᠤᠬᠠᠭᠤᠯᠤᠬᠴᠢ ᠤᠶᠢᠷ᠎ᠠ ᠶᠢᠨ ᠬᠡᠳᠦᠨ ᠵᠢᠯ | ᠡᠮᠴᠢᠯᠡᠬᠡᠨ ᠤ ᠪᠠᠶᠢᠭᠤᠯᠦᠮᠵᠢ ᠳᠤ ᠭᠠᠷᠤᠬᠰᠠᠨ ᠨᠡᠶᠢᠳᠡᠯᠢᠭ ᠭᠠᠯ ᠤᠨ ᠠᠶᠦᠯ ᠤᠨ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠡᠮᠨᠡᠯᠬᠡ ᠶᠢᠨ ᠬᠤᠷᠢᠶ᠎ᠠ ᠶᠢᠨ ᠭᠠᠯ ᠤᠨ ᠠᠶᠦᠯ ᠤᠨ ᠤᠨᠴᠠᠯᠢᠭ ᠵᠢᠴᠢ ᠲᠠᠯᠳᠠ ᠬᠡᠮ ᠳᠤ ᠬᠦᠨᠵᠡᠬᠡᠢ | ᠵᠠᠳᠠᠯᠦᠯᠳᠡ ᠬᠢᠵᠦ᠂ ᠭᠠᠯ ᠰᠡᠷᠬᠡᠶᠢᠯᠡᠵᠦ ᠭᠠᠯ ᠤᠨᠳᠠᠷᠠᠭᠠᠬᠤ ᠬᠠᠤᠯᠢ ᠴᠠᠭᠠᠵᠠ ᠬᠠᠤᠯᠢ ᠲᠦᠷᠢᠮ᠂ ᠭᠠᠯ ᠤᠨ | ᠠᠶᠦᠯ ᠢ ᠤᠷᠢᠳᠴᠢᠯᠠᠨ ᠰᠡᠷᠬᠡᠶᠢᠯᠡᠬᠦ ᠠᠷᠭ᠎ᠠ ᠠᠪᠴᠠᠯ᠂ ᠠᠩᠬᠠᠨ ᠤ ᠬᠤᠭᠤᠴᠠᠭᠠᠨ ᠤ ᠭᠠᠯ ᠤᠨ ᠠᠶᠦᠯ ᠢ | ᠤᠨᠳᠠᠷᠠᠭᠠᠬᠤ ᠠᠷᠭ᠎ᠠ᠂ ᠵᠢᠭᠤᠳᠠᠨ ᠲᠤᠳᠠᠭᠠᠬᠤ ᠤᠷ᠎ᠠ ᠮᠡᠷᠬᠡᠵᠢᠯ ᠵᠢᠴᠢ ᠭᠠᠯ ᠤᠨᠳᠠᠷᠠᠭᠠᠭᠤᠷ ᠢ ᠲᠦᠷᠢᠮᠵᠢᠬᠦᠨ | ᠬᠡᠷᠡᠭᠯᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠦᠷᠢᠯᠡᠵᠡᠢ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠡᠮᠨᠡᠯᠬᠡ ᠶᠢᠨ ᠬᠤᠷᠢᠶ᠎ᠠ ᠶᠢᠨ ᠠᠵᠢᠯᠳᠠᠳ ᠤᠨ ᠭᠠᠯ | ᠰᠡᠷᠬᠡᠶᠢᠯᠡᠵᠦ ᠭᠠᠯ ᠤᠨᠳᠠᠷᠠᠭᠠᠬᠤ ᠠᠮᠦᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ | ᠰᠶᠢᠳᠪᠦᠷᠢᠯᠡᠬᠦ ᠴᠢᠳᠠᠪᠦᠷᠢ ᠶᠢ ᠦᠨᠡᠨᠬᠦ ᠲᠡᠭᠡᠭᠰᠢᠯᠡᠬᠦᠯᠵᠡᠢ᠃ ︵ᠰᠡᠷᠬᠦᠯᠡᠩ︶ |