ᠶᠠᠩ ᠶᠦᠩ ᠵᠢᠦ ᠷᠡᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠦᠷᠴᠣ ᠪᠠᠶᠢᠴᠠᠭᠠᠨ ᠰᠤᠳᠤᠯᠵᠡᠢ
ᠨᠡᠶᠢᠲᠡᠯᠡᠭᠰᠡᠨ ᠴᠠᠭ᠄
2025/6/11
    6 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠠᠶᠢᠭᠤᠯᠭ᠎ᠠ ᠨᠢᠭᠡᠴᠢ ᠶᠢᠨ ᠺᠠᠳ᠋ᠷᠴᠤᠳ ᠢ ᠡᠷᠬᠢᠨ ᠦᠵᠡᠭᠰᠡᠨ ᠪᠥᠭᠡᠳ ᠤᠳᠤᠷᠢᠳᠬᠤ ᠪᠠᠭ ᠤᠨ ᠪᠦᠷᠢᠯᠳᠦᠬᠦᠨ ᠲᠠᠢ ᠰᠠᠨᠠᠯ ᠢᠶᠠᠨ ᠰᠣᠯᠢᠯᠴᠠᠵᠤ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠨᠠᠷᠢᠨ ᠣᠶᠢᠯᠠᠭᠠᠪᠠ᠃   ᠶᠠᠩ ᠶᠦᠩ ᠵᠢᠦ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠪᠦᠬᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠭᠦᠢᠴᠡᠳ ᠨᠤᠲᠠᠯᠠᠪᠠ᠃ ᠲᠡᠷᠡ᠂ ᠤᠢᠢᠷ᠎ᠠ ᠶᠢᠨ ᠵᠢᠯ ᠳᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠠᠵᠢᠯ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠᠷᠠᠭᠠᠴᠢ ᠶᠢᠨ ᠠᠵᠢᠯ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠦᠷᠢᠮ ᠤᠨ ᠢᠲᠡᠭᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠨᠢᠭᠡ ᠭᠤᠣᠯ ᠰᠢᠵᠢᠮ  ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠣᠨ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠭᠦᠨᠵᠡᠭᠡᠢ ᠰᠡᠳᠬᠢᠨ ᠰᠦᠪᠡᠭᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠷᠢ ᠲᠣᠭᠲᠠᠭᠠᠯᠲᠠ ᠪᠠ ᠬᠦᠴᠦᠯᠡᠬᠦ ᠴᠡᠭ ᠢ ᠦᠨᠡᠨ ᠬᠦ ᠣᠨᠣᠪᠴᠢᠲᠠᠢ ᠡᠷᠢᠨ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ︽ᠲᠦᠷᠪᠡᠨ ᠪᠠᠶᠢᠭᠤᠯᠭ᠎ᠠ ᠨᠢᠭᠡᠴᠢ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠶᠢ ᠠᠬᠢᠭᠤᠯᠬᠤ ᠬᠡᠷᠡᠭᠲᠡᠢ᠃ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠵᠤ ᠴᠡᠭᠴᠡᠯᠡᠨ ᠵᠠᠰᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠣᠨ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠣ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃    ᠬᠤᠳᠠ ᠶᠢᠨ ᠤᠳᠤᠷᠢᠳᠤᠯᠭ᠎ᠠ ᠵᠤᠤ ᠳ᠋ᠧ ᠴᠢᠤᠸᠠᠨ᠂ ᠲᠠᠢ ᠬᠠᠢ ᠹᠧᠩ᠂ ᠵᠧᠦ ᠵᠢᠶᠦ᠋ᠨ ᠫᠧᠩ᠂ ᠪᠠᠢ ᠰᠢᠤ ᠮᠧᠢ ᠂ ᠸᠠᠩ ᠭᠦᠸᠧ ᠯᠢᠶᠠᠩ᠂ ᠹᠧᠩ ᠳ᠋ᠢᠶᠠᠨ ᠮᠢᠩ᠂ ᠯᠢ ᠫᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号