ᠹᠠᠩ ᠳ᠋ᠠ ᠪᠦᠯᠦᠭᠯᠡᠯ  ᠤᠨ ᠰᠢᠨᠵᠢᠯᠡᠨ ᠪᠠᠶᠢᠴᠠᠭᠠᠬᠤ ᠪᠦᠯᠬᠦᠮ ᠷᠡᠰᠢᠶᠠᠨ ᠬᠤᠳᠡ ᠳᠤ ᠢᠷᠡᠵᠣ ᠰᠢᠨᠵᠢᠯᠡᠨ ᠪᠠᠶᠢᠴᠠᠭᠠᠵᠡᠢ
ᠨᠡᠶᠢᠲᠡᠯᠡᠭᠰᠡᠨ ᠴᠠᠭ᠄
2025/6/11
    6 ᠰᠠᠷ᠎ᠠ ᠶᠢᠨ 7 ᠤ ᠡᠳᠦᠷ᠂ ᠹᠠᠩ ᠳ᠋ᠠ ᠪᠠᠶᠢᠯᠳᠤᠬᠤ ᠪᠤᠳᠤᠯᠭ᠎ᠠ ᠶᠢᠨ ᠳᠡᠮᠵᠢᠯᠭᠡ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠪᠥᠭᠡᠳ ᠬᠠᠢ ᠬᠠᠩ ᠠᠳᠠᠯ ᠠᠬᠤᠢ ᠶᠢᠨ ᠬᠡᠷᠡᠭ ᠮᠡᠳᠡᠭᠴᠢᠳ ᠤᠨ ᠳᠠᠷᠤᠭ᠎ᠠ ᠼᠦᠢ ᠺᠠᠢ᠂ ᠨᠡᠶᠢᠰᠯᠡᠯ ᠤᠨ ᠠᠭᠠᠷ ᠤᠨ ᠠᠶᠠᠯᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠥᠪᠯᠡᠯ ᠤᠨ ᠳᠡᠳ᠋ ᠡᠷᠬᠢᠯᠡᠭᠴᠢ ᠼᠠᠢ ᠷᠦᠩ ᠢᠦᠢ ᠨᠠᠷ ᠷᠠᠰᠢᠶᠠᠨ ᠬᠤᠳᠡᠨ ᠳᠤ ᠢᠷᠡᠵᠣ ᠰᠢᠨᠵᠢᠯᠡᠨ ᠪᠠᠶᠢᠴᠠᠭᠠᠵᠤ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠡᠷᠬᠢᠮᠲᠤ ᠪᠠᠷ᠎ᠠ ᠪᠣᠯᠪᠠ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠤᠤ ᠳ᠋ᠠ ᠵᠤᠸᠠᠩ ᠶᠤᠸᠠᠨ᠂ ᠢᠷᠪᠢᠰ ᠵᠡᠭᠡᠯᠢ ᠶᠢᠨ ᠬᠠᠷᠢᠶ᠎ᠠ ᠣᠷᠣᠨ ᠤ ᠬᠤᠳᠠᠯᠳᠤᠭᠠᠨ ᠤ ᠦᠢᠯᠡᠰ ᠵᠡᠷᠭᠡ ᠭᠠᠵᠠᠷ ᠢᠶᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠡᠢ᠃ ᠪᠠᠶᠢᠴᠠᠭᠠᠨ ᠰᠤᠳᠤᠯᠤᠯᠲᠠ ᠶᠠᠪᠤᠴᠠ ᠳᠤ᠂ ᠼᠦᠢ ᠺᠠᠶ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠵᠢᠴᠢ ᠷᠠᠰᠢᠶᠠᠨ ᠳᠤ ᠪᠡᠯᠡ ᠣᠷᠣᠭᠤᠯᠬᠤ ᠰᠠᠨᠠᠮᠵᠢ ᠶᠢ ᠨᠠᠷᠢᠨ ᠲᠠᠨᠢᠯᠴᠠᠭᠤᠯᠵᠤ᠂ ᠷᠠᠰᠢᠶᠠᠨ ᠤ ᠡᠬᠢ ᠪᠠᠶᠠᠯᠢᠭ᠂ ᠠᠮᠢ ᠠᠬᠤᠶ ᠂ ᠣᠷᠣᠨ ᠪᠠᠶᠢᠷᠢ ᠶᠢᠨ ᠲᠠᠯ᠎ᠠ ᠪᠠᠷ ᠬᠢ ᠥᠪᠡᠷᠮᠢᠴᠡ ᠳᠠᠪᠠᠭᠤᠯᠢᠭ ᠢ ᠳᠡᠭᠡᠳᠦ ᠬᠡᠮᠵᠢᠶ᠎ᠡ ᠪᠠᠷ ᠨᠣᠳᠡᠯᠠᠵᠤ᠂ ᠬᠤᠶᠠᠷ ᠲᠠᠯ᠎ᠠ ᠢᠶᠠᠷ ᠢᠶᠠᠨ ᠤᠯᠠᠮ ᠨᠢᠭᠡ ᠠᠯᠬᠤᠮ ᠭᠦᠨᠵᠡᠭᠡᠶ ᠰᠢᠨᠵᠢᠯᠡᠨ ᠪᠠᠶᠢᠴᠠᠭᠠᠯᠲᠠ ᠬᠢᠵᠦ᠂ ᠨᠠᠩ ᠣᠯᠠᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃    ᠡᠷᠬᠢᠮᠳᠣ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠣ᠂ ᠷᠠᠰᠢᠶᠠᠨ ᠢᠮᠠᠭᠲᠠ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠶᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠭᠠᠵᠤ᠂ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠠᠯ ᠪᠣᠯᠤᠨ ᠬᠠᠮᠤᠭ ᠤᠨ ᠳᠣᠲᠣᠨᠣ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ ᠷᠠᠰᠢᠶᠠᠨ ᠪᠣᠯᠤᠨ ᠹᠠᠩ ᠳ᠋ᠠ ᠪᠦᠯᠦᠭᠯᠡᠯ ᠬᠠᠮᠲᠤᠷᠠᠯᠴᠠᠭᠠᠨ ᠤ ᠣᠷᠣᠨ ᠵᠠᠢ ᠲᠠᠢ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号