6 ᠰᠠᠷ᠎ᠠ ᠶᠢᠨ 6 ᠤ ᠡᠳᠦᠷ ᠪᠣᠯ ᠪᠥᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠂ ᠲᠤᠰᠬᠠᠶ | ᠮᠡᠷᠭᠡᠵᠢᠯᠲᠡᠨ᠂ ᠰᠠᠶᠢᠨ ᠬᠠᠷᠠᠭ᠎ᠠ ᠨᠢ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠲᠦᠢᠯ ᠤᠨ ᠴᠢᠬᠤᠯᠠ | ᠶᠤᠮ᠂ ᠵᠠᠯᠠᠭᠤᠴᠤᠳ ᠪᠠᠭᠠᠴᠤᠳ ᠨᠢᠳᠦ ᠪᠠᠨ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠵᠣ᠂ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠶᠢᠷ᠎ᠠ | ᠬᠠᠷᠠᠭ᠎ᠠ ᠶᠢ ᠰᠡᠷᠭᠡᠶᠢᠯᠡᠬᠦ ᠠᠵᠢᠯ ᠢ ᠬᠠᠷᠠᠬᠠᠨ ᠪᠠᠭ᠎ᠠ ᠠᠴᠠ ᠪᠠᠨ ᠡᠬᠢᠯᠡᠨ ᠬᠢᠬᠦ ᠬᠡᠷᠡᠭᠲᠡᠶ ᠭᠡᠵᠦ ᠰᠠᠨᠠᠭᠤᠯᠪᠠ᠃ | ᠣᠶᠢᠷ᠎ᠠ ᠬᠠᠷᠠᠭ᠎ᠠ ᠨᠢ ᠪᠤᠳᠤᠯᠢᠶᠠᠨᠲᠠᠢ ᠶᠠᠪᠤᠴᠠ ᠶᠢ ᠳᠠᠮᠵᠢᠳᠠᠭ᠂ ᠡᠭᠦᠨ ᠳᠤ ᠤᠳᠤᠮᠯᠠᠯ᠂ ᠣᠷᠴᠢᠨ | ᠲᠣᠭᠤᠷᠢᠨ᠂ ᠦᠢᠯᠡ ᠠᠵᠢᠯᠯᠠᠭ᠎ᠠ ᠵᠡᠷᠭᠡ ᠣᠯᠠᠨ ᠵᠦᠢᠯ ᠤᠨ ᠡᠯᠧᠮᠧᠨ᠋ᠲ ᠤᠨ ᠬᠠᠮᠲᠤ ᠶᠢᠨ ᠦᠢᠯᠡᠳᠦᠯ ᠪᠠᠭᠲᠠᠨ᠎ᠠ᠃ | ᠬᠥᠬᠡᠨᠠᠭᠤᠷ ᠮᠤᠵᠢ ᠶᠢᠨ ᠲᠠᠪᠤᠳᠤᠭᠠᠷ ᠡᠮᠨᠡᠯᠭᠡ ᠶᠢᠨ ᠬᠤᠷᠢᠶ᠎ᠠ ᠶᠢᠨ ᠨᠢᠳᠦᠨ ᠤ ᠰᠠᠯᠠᠭᠠᠨ ᠤ ᠡᠷᠬᠢᠯᠡᠭᠴᠢ ᠡᠮᠴᠢ ᠴᠧᠨ | ᠫᠢᠩ᠂ ᠣᠶᠢᠷ᠎ᠠ ᠵᠠᠶ ᠳᠤ ᠨᠢᠳᠦ ᠪᠠᠨ ᠬᠡᠲᠦ ᠬᠡᠷᠡᠭᠯᠡᠬᠦ᠂ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠬᠦᠷᠦᠯᠴᠡᠬᠦ | ᠥᠬᠡᠶ᠂ ᠤᠨᠲᠠᠬᠤ ᠴᠠᠭ ᠨᠢ ᠬᠦᠢᠴᠡᠳ ᠪᠤᠰᠤ᠂ ᠰᠤᠷᠤᠯᠴᠠᠬᠤ ᠣᠷᠴᠢᠨ ᠲᠣᠭᠤᠷᠢᠨ ᠤ ᠭᠡᠷᠡᠯᠲᠦᠭᠦᠯᠭᠡ ᠨᠢ | ᠪᠠᠷᠢᠮᠵᠢᠶ᠎ᠠ ᠳᠤ ᠬᠥᠷᠬᠦ ᠥᠬᠡᠶ᠂ ᠰᠢᠮ᠎ᠡ ᠲᠡᠵᠢᠭᠡᠯ ᠲᠡᠩᠴᠡᠭᠦᠷᠢ ᠥᠬᠡᠶ ᠵᠡᠷᠭᠡ ᠨᠢ ᠴᠥᠮ ᠣᠶᠢᠷ᠎ᠠ ᠬᠠᠷᠠᠭ᠎ᠠ ᠲᠠᠢ | ᠪᠤᠯᠬᠤ ᠪᠤᠯᠤᠮᠵᠢ ᠶᠢ ᠨᠡᠮᠡᠭᠳᠡᠬᠦᠯᠵᠦ ᠮᠡᠳᠡᠨ᠎ᠡ ᠭᠡᠪᠡ᠃ | ᠴᠧᠨ ᠫᠢᠩ᠂ ᠬᠡᠦᠬᠡᠳ ᠤᠨ ᠨᠢᠳᠦᠨ ᠴᠡᠴᠡᠭᠡᠶ ᠪᠠ ᠬᠠᠷᠠᠭ᠎ᠠ ᠪᠣᠯ ᠠᠭᠠᠵᠢᠮ ᠢᠶᠠᠷ ᠪᠤᠶᠢᠵᠢᠵᠤ ᠪᠣᠯᠪᠠᠰᠤᠷᠠᠳᠠᠭ | ᠃ ᠡᠶᠢᠮᠦ ᠠᠴᠠ᠂ ᠬᠡᠦᠬᠡᠳ ᠤᠨ ᠴᠡᠴᠡᠷᠯᠢᠭ ᠪᠠ ᠰᠤᠷᠬᠤ ᠨᠠᠰᠤᠨ ᠤ ᠱᠠᠲᠤᠨ ᠠᠴᠠ ᠡᠬᠢᠯᠡᠨ ᠲᠣᠭᠲᠠᠮᠠᠯ | ᠬᠤᠭᠤᠴᠠᠭ᠎ᠠ ᠲᠠᠢ ᠪᠠᠷ ᠬᠠᠷᠠᠭᠠᠨ ᠤ ᠪᠠᠶᠢᠴᠠᠭᠠᠯᠲᠠ ᠬᠢᠵᠦ᠂ ᠨᠠᠭᠠᠳᠤ ᠵᠠᠬ᠎ᠠ ᠳᠠᠭᠠᠨ ᠨᠢᠭᠡ ᠵᠢᠯ ᠳᠤ ᠬᠤᠶᠠᠷ ᠤᠳᠠᠭ᠎ᠠ | ᠬᠢᠬᠦ ᠶᠢ ᠰᠠᠨᠠᠭᠤᠯᠪᠠ᠃ ᠳᠡᠷᠡ᠄ ︽ᠨᠢᠳᠦᠨ ᠴᠡᠴᠡᠭᠡᠶ ᠶᠢᠨ ᠴᠢᠬᠤᠯᠠ ᠪᠤᠶᠢᠵᠢᠯᠲᠠ ᠶᠢᠨ ᠱᠠᠲᠤᠨ ᠳᠤ ᠨᠢᠳᠦᠨ ᠤ | ᠪᠥᠬᠦ ᠲᠠᠯ᠎ᠠ ᠶᠢᠨ ᠪᠠᠶᠢᠴᠠᠭᠠᠯᠲᠠ ᠪᠠ ᠨᠢᠳᠦᠨ ᠢᠷᠣᠭᠠᠷ ᠤᠨ ᠰᠢᠭᠰᠢᠨ ᠪᠠᠶᠢᠴᠠᠭᠠᠯᠲᠠ ᠶᠢ ᠬᠦᠯᠢᠶᠡᠪᠡᠯ᠂ | ᠲᠥᠷᠥᠯᠬᠢ ᠶᠢᠨ ᠴᠢᠨᠠᠷᠲᠠᠶ ᠴᠠᠭᠠᠨ ᠬᠠᠷᠠᠩ᠂ ᠡᠷᠲᠡ ᠬᠥᠩᠭᠡᠵᠢᠭᠰᠡᠨ ᠬᠡᠦᠬᠡᠳ ᠤᠨ ᠨᠢᠳᠦᠨ ᠤ ᠲᠣᠣᠷᠯᠢᠭ | ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠵᠡᠷᠭᠡ ᠬᠠᠷᠠᠭᠠᠨ ᠤ ᠪᠤᠶᠢᠵᠢᠯᠲᠠ ᠶᠢ ᠨᠥᠯᠥᠭᠡᠯᠡᠬᠦ ᠨᠢᠳᠦᠨ ᠤ | ᠡᠪᠡᠳᠴᠢᠨ ᠵᠢᠴᠢ ᠬᠢᠯᠠᠷ᠂ ᠬᠠᠷᠠᠭ᠎ᠠ ᠮᠠᠭᠤ ᠵᠡᠷᠭᠡ ᠬᠡᠦᠬᠡᠳ ᠤᠨ ᠦᠷᠭᠦᠯᠵᠢ ᠲᠣᠬᠢᠶᠠᠯᠳᠤᠳᠠᠭ ᠨᠢᠳᠦᠨ ᠤ | ᠡᠪᠡᠳᠴᠢᠨ ᠢ ᠡᠷᠲᠡᠬᠡᠨ ᠣᠯᠵᠤ ᠮᠡᠳᠡᠵᠦ ᠪᠣᠯᠤᠨ᠎ᠠ︾ ᠭᠡᠪᠡ᠃ | ᠡᠷᠲᠡ ᠢᠯᠡᠷᠡᠭᠦᠯᠵᠦ᠂ ᠡᠷᠲᠡ ᠬᠠᠮᠢᠶᠠᠷᠬᠤ ᠨᠢ ᠬᠡᠦᠬᠡᠳ ᠤᠨ ᠬᠡᠪ ᠤᠨ ᠬᠠᠷᠠᠭᠠᠨ ᠤ ᠪᠤᠶᠢᠵᠢᠯᠲᠠ ᠶᠢ | ᠠᠬᠢᠭᠤᠯᠳᠠᠭ᠃ ᠰᠢᠨᠢᠩ ᠬᠤᠲᠠ ᠶᠢᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠨᠢᠳᠦᠨ ᠤ ᠰᠠᠯᠠᠭᠠᠨ ᠤ | ᠡᠷᠬᠢᠯᠡᠭᠴᠢ ᠡᠮᠴᠢ ᠦ᠋ ᠵᠢᠤᠸᠠᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠣᠯ ᠨᠢᠭᠡᠨ ᠰᠢᠰᠲ᠋ᠧᠮᠲᠦ | ᠢᠨᠵᠧᠨᠧᠷᠢᠩ ᠪᠣᠯᠬᠤᠷ ᠬᠡᠷ ᠪᠦᠯᠢ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠪᠠ ᠨᠡᠶᠢᠭᠡᠮ ᠤᠨ ᠬᠢᠨ | ᠬᠠᠮᠲᠤ ᠪᠠᠷ ᠠᠩᠬᠠᠷᠬᠤ ᠬᠡᠷᠡᠭᠲᠡᠶ᠃ | ᠬᠡᠷ ᠤᠨ ᠠᠬᠠᠮᠠᠳ ᠪᠡᠶ᠎ᠡ ᠪᠠᠷ ᠢᠶᠠᠨ ᠬᠡᠪ ᠲᠦᠷᠢᠮ ᠪᠣᠯᠵᠣ ᠡᠷᠡᠭᠦᠯ ᠮᠡᠨᠳᠦ ᠶᠢᠨ ᠤᠬᠠᠮᠰᠠᠷ ᠢ ᠪᠣᠶ ᠪᠣᠯᠭᠠᠵᠤ᠂ | ᠭᠠᠷ ᠤᠲᠠᠰᠤ᠂ ᠺᠣᠮᠫᠢᠦ᠋ᠲ᠋ᠧᠷ ᠵᠡᠷᠭᠡ ᠡᠳ᠋ ᠪᠣᠳᠠᠰ ᠲᠤ ᠲᠦᠰᠢᠭᠯᠡᠬᠦ ᠪᠠᠨ ᠪᠠᠭᠠᠰᠬᠠᠵᠤ᠂ ᠬᠡᠦᠬᠡᠳ ᠤᠨ ᠢᠶᠠᠨ ᠬᠡᠷ ᠤᠨ | ᠭᠠᠳᠠᠨᠠᠬᠢ ᠬᠥᠳᠡᠯᠭᠡᠭᠡᠨ ᠳᠤ ᠤᠷᠤᠯᠴᠠᠬᠤ ᠴᠠᠭ ᠢ ᠨᠡᠮᠡᠭᠳᠡᠭᠦᠯᠵᠦ᠂ ᠬᠡᠦᠬᠡᠳ ᠤᠨ ᠢᠶᠠᠨ ᠬᠠᠷᠠᠭᠠᠨ ᠤ ᠪᠠᠶᠢᠳᠠᠯ ᠢ | ᠨᠢᠭᠲᠠ ᠠᠩᠬᠠᠷᠬᠤ ᠬᠡᠷᠡᠭᠲᠡᠶ᠃ ᠵᠠᠯᠠᠭᠤᠴᠤᠳ ᠪᠠᠭᠠᠴᠤᠳ ᠥᠪᠡᠷ ᠢᠶᠠᠨ ᠴᠦ ᠨᠤᠮ ᠤᠩᠰᠢᠵᠤ ᠪᠢᠴᠢᠬᠦ ᠳᠡᠭᠡᠨ | ᠲᠥᠪ ᠰᠠᠭᠤᠵᠤ᠂ ᠡᠯᠧᠺᠲᠷᠣᠨ ᠦᠢᠯᠡᠳᠬᠦᠨ ᠬᠡᠷᠡᠭᠯᠡᠬᠦ ᠴᠠᠭ ᠢᠶᠠᠨ ᠵᠣᠬᠢᠰᠲᠠᠶ ᠡᠵᠡᠮᠳᠡᠨ᠂ ᠨᠢᠳᠦ ᠪᠠᠨ ᠬᠠᠮᠠᠭᠠᠯᠠᠬᠤ | ᠲᠠᠮᠢᠷ ᠬᠢᠬᠦ ᠵᠡᠷᠭᠡ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ︽20 — 20 — 20︾ ᠢᠢᠨ | ᠲᠦᠷᠢᠮ ᠢ ᠵᠢᠷᠤᠮᠯᠠᠨ᠂ ᠣᠶᠢᠷ᠎ᠠ ᠵᠠᠶ ᠳᠤ 20 ᠮᠢᠨᠦ᠋ᠲ ᠨᠢᠳᠦ ᠪᠠᠨ ᠬᠡᠷᠡᠭᠯᠡᠪᠡᠯ᠂ 20 ᠹᠦᠲ ︵ᠪᠠᠷᠤᠭ 6 ᠮᠧᠲᠷ︶ | ᠤᠨ ᠭᠠᠳᠠᠨᠠᠬᠢ ᠪᠣᠳᠠᠰ ᠢ ᠨᠠᠭᠠᠳᠤ ᠵᠠᠬ᠎ᠠ ᠳᠠᠭᠠᠨ 20 ᠰᠧᠺᠦ᠋ᠨ᠋ᠳ᠋ ᠪᠠᠷᠠᠯᠠᠵᠤ᠂ ᠰᠤᠷᠮᠤᠤᠰᠤᠯᠢᠭ ᠪᠤᠯᠴᠢᠩ ᠤᠨ | ᠠᠪᠴᠢᠯᠳᠠ ᠶᠢ ᠨᠠᠮᠳᠠᠭᠤᠯᠵᠤ᠂ ᠡᠳᠦᠷ ᠪᠦᠷᠢ ᠬᠡᠷ ᠤᠨ ᠭᠠᠳᠠᠨ᠎ᠠ ᠠᠳᠠᠭ ᠲᠠᠭᠠᠨ 2 ᠴᠠᠭ ᠬᠥᠳᠡᠯᠭᠡᠭᠡᠨ ᠬᠢᠬᠦ ᠶᠢ | ᠪᠠᠲᠤᠯᠠᠬᠤ ᠬᠡᠷᠡᠭᠲᠡᠶ᠃ | ᠡᠭᠦᠨ ᠠᠴᠠ ᠭᠠᠳᠠᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠠᠯᠠᠭᠤᠴᠤᠳ ᠪᠠᠭᠠᠴᠤᠳ ᠤᠨ ᠬᠠᠷᠠᠭ᠎ᠠ ᠶᠢ | ᠬᠠᠮᠠᠭᠠᠯᠠᠬᠤ ᠪᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠪᠠᠨ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠯᠠᠪᠤᠷ ᠢ ᠲᠠᠰᠤᠷᠠᠯᠲᠠ ᠥᠬᠡᠶ ᠥᠷᠭᠡᠳᠭᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠯᠠᠭᠤᠴᠤᠳ ᠪᠠᠭᠠᠴᠤᠳ ᠤᠨ | ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ ᠭᠡᠵᠦ ᠳᠠᠨᠢᠯᠴᠠᠭᠤᠯᠪᠠ᠃ ︵︽ | ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |