ᠮᠠᠨ ᠤ ᠤᠷᠤᠨ 2.6 ᠳ᠋ᠦᠩᠰᠢᠭᠤᠷ ᠭᠠᠷᠤᠶ ᠲᠥᠭᠦᠷᠢᠭ ᠪᠠᠭᠤᠯᠭᠠᠵᠤ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠡᠮᠵᠢᠵᠤ ᠪᠤᠢ
ᠨᠡᠶᠢᠲᠡᠯᠡᠭᠰᠡᠨ ᠴᠠᠭ᠄
2025/6/11
      ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠥᠪ ᠤᠨ ᠡᠳ᠋ ᠤᠨ ᠵᠠᠰᠠᠭ ᠤᠨ ᠠᠮᠢᠳᠤ ᠭᠠᠭ᠋ᠠᠢ ︵ᠦᠬᠡᠷ ᠬᠤᠨᠢ︶ ᠶᠢᠨ ᠭᠠᠷᠭᠠᠯᠳᠡ ᠶᠢᠨ ᠲᠤᠮᠤ ᠰᠢᠶᠠᠨ ᠤ ᠱᠠᠩᠨᠠᠯ ᠤᠨ ᠪᠡᠯᠡ ᠮᠦᠡᠭᠬᠦ ᠶᠢ 2.6267 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠬᠦ ᠣᠷᠣᠨ ᠤ ᠠᠮᠢᠳᠤ ᠭᠠᠭ᠋ᠠᠢ ᠶᠢᠨ ᠭᠠᠷᠭᠠᠯᠳᠡ ᠶᠢᠨ 5 ᠲᠤᠮᠤ ᠰᠢᠶᠠᠨ᠂ ᠦᠬᠡᠷ ᠬᠤᠨᠢ ᠶᠢᠨ ᠭᠠᠷᠭᠠᠯᠳᠡ ᠶᠢᠨ 51 ᠲᠤᠮᠤ ᠰᠢᠶᠠᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠪᠤᠯᠤᠨ᠎ᠡ᠃      ᠱᠠᠩᠨᠠᠯ ᠤᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠮᠡᠳᠡᠭᠳᠡᠯ ᠢ ᠴᠠᠭ ᠲᠤᠬᠠᠶ ᠳᠤᠨᠢ ᠪᠠᠭᠤᠯᠭᠠᠵᠤ᠂ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠱᠠᠩᠨᠠᠯ ᠤᠨ ᠪᠠᠯᠠ ᠮᠥᠩᠭᠦ ᠶᠢᠨ ᠳᠡᠮᠵᠢᠬᠦ ᠴᠢᠭᠯᠡᠯ ᠢ ᠰᠢᠯᠢᠳᠡᠭᠵᠢᠭᠦᠯᠵᠦ᠂ ᠰᠢᠯᠢᠳᠡᠭ ᠲᠥᠷᠥᠯ ᠵᠦᠢᠯ ᠢ ᠰᠢᠯᠢᠨ ᠰᠣᠩᠭᠤᠬᠤ ᠶᠢᠨ ᠬᠠᠮᠲᠤ ᠱᠠᠩᠨᠠᠯ ᠤᠨ ᠪᠠᠯᠠ ᠮᠥᠩᠭᠦ ᠶᠢ ᠪᠣᠳᠠᠲᠠᠶ ᠲᠥᠷᠥᠯ ᠵᠦᠢᠯ ᠳᠤ ᠨᠠᠶᠢᠳᠠᠪᠤᠷᠢᠵᠢᠭᠤᠯᠵᠤ᠂ ︽ᠵᠣᠭᠤᠰ ᠨᠢ ᠲᠥᠷᠥᠯ ᠵᠦᠢᠯ ᠢᠶᠠᠨ ᠬᠦᠯᠢᠶᠡᠬᠦ︾ ᠠᠴᠠ ᠵᠠᠶᠢᠯᠠᠰᠭᠢᠬᠦ ᠬᠡᠷᠡᠭᠲᠡᠶ︔ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢ ᠠᠰᠢᠭᠯᠠᠨ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ᠂ ᠵᠠᠷᠤᠯᠭ᠎ᠠ ᠶᠢᠨ ᠠᠬᠢᠴᠠ ᠳᠤ ᠮᠥᠷᠳᠡᠯᠲᠡ ᠬᠢᠬᠦ ᠶᠢ ᠱᠠᠭᠠᠷᠳᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠪᠠᠶᠢᠭᠤᠯᠤᠨ ᠪᠡᠯᠡ ᠮᠥᠩᠭᠦ ᠪᠠᠭᠤᠯᠭᠠᠬᠤ ᠠᠬᠢᠴᠠ ᠶᠢ ᠨᠢ ᠴᠠᠭ ᠲᠤᠬᠠᠶ ᠳᠤᠨᠢ ᠱᠠᠯᠠᠪᠳᠠᠭᠤᠯᠬᠤ ᠬᠡᠷᠡᠭᠲᠡᠶ︔ ᠬᠤᠯᠪᠣᠭᠳᠠᠯ ᠪᠥᠬᠦᠶ ᠠᠶᠢᠮᠠᠭ ᠬᠤᠲᠠ᠂ ᠬᠤᠰᠢᠭᠤ ᠰᠢᠶᠠᠨ ᠢ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠮᠡᠳᠡᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠵᠤ᠂ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠬᠦᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠪᠠᠯᠠ ᠮᠥᠩᠭᠦ ᠶᠢ ᠪᠣᠳᠠᠲᠠᠶ ᠭᠠᠵᠠᠷ ᠲᠤᠨᠢ ᠬᠡᠷᠡᠭᠯᠡᠬᠦ ᠶᠢ ᠦᠨᠡᠨᠬᠦ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃      ︽ᠲᠠᠷᠠᠭᠠᠴᠢ ᠶᠢᠨ ᠠᠯᠬᠤᠮ ᠳᠤ᠂ ᠪᠢᠳᠡ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠱᠠᠩᠨᠠᠯ ᠤᠨ ᠪᠠᠯᠠ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠪᠡ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号