ᠡᠷᠬᠢᠮᠲᠦ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12
    6 ᠰᠠᠷ᠎ᠠ ᠶᠢᠨ 10 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠡᠷᠬᠢᠮᠲᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠡᠢ᠃ ᠬᠤᠷᠡᠯ ᠲᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠦᠪ ᠬᠤᠷᠢᠶᠠᠨ ᠤ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠵᠣᠬᠰᠣᠴᠠ ᠠᠴᠠ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠮᠤᠵᠢᠭᠤᠳᠠ ᠴᠢᠨᠠᠷ᠂ ᠲᠠᠬᠢᠨ ᠳᠠᠪᠲᠠᠬᠤ ᠴᠢᠨᠠᠷ ᠵᠢᠴᠢ ᠲᠡᠭᠦᠨ ᠤ ᠬᠦᠨᠳᠦ ᠨᠣᠴᠢᠲᠠᠢ ᠤᠯᠤᠰ ᠲᠦᠷᠦ ᠶᠢᠨ ᠬᠤᠣᠷ ᠬᠥᠨᠥᠭᠡᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠥᠪ ᠴᠢᠩᠭ᠎ᠠ ᠪᠠᠶᠢᠴᠠᠭᠠᠨ ᠳᠡᠯᠭᠡᠵᠦ᠂ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠳᠬᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠭᠡᠷᠡᠭᠵᠢᠬᠦᠯᠵᠣ᠂ ᠢᠯᠡᠷᠡᠬᠦᠯᠥᠮᠡᠭᠴᠠ ᠰᠠᠶᠢᠵᠢᠷᠠᠭᠤᠯᠵᠤ᠂ ᠲᠠᠷᠣᠶᠢᠬᠠᠨ ᠬᠡᠷᠡᠭᠵᠢᠭᠦᠯᠵᠦ ᠲᠠᠷᠣᠶᠢᠬᠠᠨ ᠥᠭᠡᠷᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠪᠡᠶ᠎ᠡ ᠪᠠᠷ ᠢᠶᠠᠨ ᠬᠡᠪ ᠲᠦᠷᠢᠮ ᠪᠤᠯᠭᠠᠵᠤ᠂ ︽ᠲᠦᠷᠦᠭᠦᠴᠢ ᠭᠠᠯᠠᠭᠤ ᠶᠢᠨ ᠦᠢᠯᠡᠳᠦᠯ︾ ᠢ ᠭᠦᠢᠴᠡᠳ ᠪᠠᠳᠠᠷᠠᠭᠤᠯᠵᠤ᠂ ᠲᠦᠷᠢᠮ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠢ ᠲᠦᠷᠦᠭᠦᠯᠡᠨ ᠬᠤᠷᠢᠭᠯᠠᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠡᠰ ᠨᠠᠶᠢᠳᠠᠪᠤᠷᠢᠵᠢᠭᠤᠯᠵᠤ᠂ ᠶᠠᠮᠠᠷᠪᠠ ᠬᠡᠯᠪᠡᠷᠢ ᠶᠢᠨ ︽ᠬᠠᠷᠢᠯᠴᠠᠨ ᠵᠠᠯᠠᠵᠣ ᠢᠳᠡᠵᠣ ᠣᠣᠭᠤᠬᠤ︾ ︽ᠠᠵᠣ ᠠᠬᠤᠶᠢᠯᠡᠯ ᠢ ᠢᠳᠡᠬᠦ︾ ︽ᠲᠣᠣᠷ᠎ᠡ ᠱᠠᠳᠣ  ᠪᠠᠨ ᠢᠳᠡᠬᠦ︾ ᠵᠡᠷᠭᠡ ᠠᠵᠢᠯᠯᠠᠭ᠎ᠠ ᠶᠢ ᠪᠦᠬᠦ ᠲᠠᠯ᠎ᠠ ᠪᠠᠷ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠠᠬᠤᠢ ᠶᠢ ᠬᠠᠮᠠᠭᠠᠯᠠᠬᠤ ᠬᠡᠷᠡᠭᠲᠡᠢ ᠭᠡᠵᠣ ᠴᠢᠬᠤᠯᠡᠴᠢᠯᠡᠪᠡ᠃    ᠬᠤᠷᠠᠯ ᠠᠴᠠ ᠪᠠᠰᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠵᠢᠴᠢ ᠰᠤᠯᠠ ᠪᠠᠶᠢᠭ᠎ᠠ ᠡᠳ᠋ ᠬᠥᠷᠥᠩᠭᠡ ᠶᠢ ᠠᠰᠢᠬᠯᠠᠬᠤ ᠠᠬᠢᠴᠠ ᠶᠢᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠤᠨ ᠳᠠᠷᠠᠭ᠎ᠠ᠂ ᠡᠷᠬᠢᠮᠲᠤ ᠪᠣᠬᠢᠷ ᠤᠰᠤ ᠰᠢᠢᠳᠪᠦᠷᠢᠯᠡᠬᠦ ᠣᠶᠢᠯᠡᠳᠪᠦᠷᠢ᠂ ᠬᠤᠭ ᠨᠣᠪᠰᠢ ᠶᠢ ᠰᠢᠢᠳᠪᠣᠷᠢᠯᠡᠬᠦ ᠭᠠᠵᠡᠷ ᠵᠡᠷᠭᠡ ᠪᠠᠷ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠡᠢ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号