2024 ᠣᠨ ᠤ ᠳᠤᠮᠳᠠᠳᠤ ᠤᠯᠤᠰ ᠤᠨ ᠨᠠᠰᠤᠨ ᠳᠤ ᠬᠦᠷᠦᠭᠰᠡᠳ ᠤᠨ ᠨᠠᠪᠴᠢᠨ ᠲᠠᠮᠠᠬᠢ ᠶᠢᠨ | ᠪᠠᠶᠢᠴᠠᠭᠠᠯᠲᠠ ᠶᠢᠨ ᠦᠷ᠎ᠡ ᠳ᠋ᠦᠩ ᠳᠤ ᠬᠠᠷᠠᠭᠤᠯᠤᠬᠰᠡᠨ ᠢᠶᠠᠷ᠂ ᠳᠤᠮᠳᠠᠳᠤ ᠤᠯᠤᠰ ᠤᠨ 15 ᠨᠠᠰᠤ ᠵᠢᠴᠢ | ᠲᠡᠭᠦᠨ ᠠᠴᠠ ᠳᠡᠭᠡᠭᠰᠢᠬᠢ ᠬᠥᠮᠦᠰ ᠤᠨ ᠲᠠᠮᠠᠬᠢ ᠲᠠᠲᠠᠬᠤ ᠨᠣᠷᠮ᠎ᠠ ᠣᠲᠣ 23.2% ᠪᠠᠶᠢᠵᠤ᠂ ᠪᠠᠭᠤᠷᠠᠬᠤ | ᠬᠠᠨᠳᠤᠰᠢ ᠦᠷᠭᠦᠯᠵᠢᠯᠡᠨ ᠢᠯᠡᠷᠡᠵᠦ᠂ 2022 ᠣᠨ ᠤ ᠬᠢ ᠲᠠᠢ ᠬᠠᠷᠢᠴᠠᠭᠤᠯᠪᠠᠯ᠂ ᠵᠠᠭᠤᠨ ᠤ ᠬᠠᠷᠢᠴᠠᠯ ᠢᠶᠠᠷ 0. | 9 ᠬᠤᠪᠢ ᠪᠠᠭᠤᠷᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ | ᠲᠣᠰ ᠪᠠᠶᠢᠴᠠᠭᠠᠯᠲᠠ ᠶᠢᠨ ᠦᠷ᠎ᠡ ᠳ᠋ᠦᠩ ᠢ ᠤᠶᠢᠷ᠎ᠡ ᠶᠢᠨ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠲᠥᠯᠥᠪᠵᠢᠭᠦᠯᠭᠡ ᠶᠢᠨ ᠵᠤᠷᠭᠠᠨ ᠪᠠ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠭᠤᠤᠯᠯᠠᠨ ᠡᠷᠭᠢᠯᠡᠭᠰᠡᠨ ᠭᠤᠴᠢᠨ ᠨᠠᠢᠮᠠᠳᠡᠬᠢ ᠳᠡᠯᠡᠬᠡᠶ ᠶᠢᠨ ᠲᠠᠮᠠᠬᠢ ᠲᠠᠲᠠᠬᠤ ᠥᠬᠡᠶ | ᠡᠳᠦᠷ ᠵᠢᠴᠢ ︽ᠪᠡᠭᠡᠵᠢᠩ ᠬᠤᠲᠠ ᠶᠢᠨ ᠲᠠᠮᠠᠬᠢ ᠲᠠᠲᠠᠬᠤ ᠶᠢ ᠬᠢᠵᠠᠭᠠᠷᠯᠠᠬᠤ ᠲᠦᠷᠢᠮ︾ ᠢ ᠬᠡᠷᠡᠭᠵᠢᠭᠦᠯᠦᠭᠰᠡᠨ | ᠠᠷᠪᠠᠨ ᠵᠢᠯ ᠤᠨ ᠣᠶ ᠶᠢᠨ ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠳᠡᠭᠡᠷ᠎ᠡ ᠨᠡᠶᠢᠲᠡᠯᠡᠭᠰᠡᠨ ᠶᠤᠮ᠂ ᠡᠨᠡ ᠵᠢᠯ ᠤᠨ | ᠳᠡᠯᠡᠬᠡᠶ ᠶᠢᠨ ᠲᠠᠮᠠᠬᠢ ᠲᠠᠲᠠᠬᠤ ᠥᠬᠡᠶ ᠡᠳᠦᠷ ᠤᠨ ᠠᠵᠢᠯᠯᠠᠭ᠎ᠠ ᠨᠢ ︽ᠲᠠᠮᠠᠬᠢ ᠶᠢᠨ ᠥᠳᠥᠭᠡᠯᠭᠡ ᠶᠢ ᠲᠡᠪᠴᠢᠵᠦ᠂ | ᠲᠠᠮᠠᠬᠢ ᠲᠠᠲᠠᠬᠤ ᠶᠢ ᠴᠡᠭᠡᠷᠯᠡᠬᠦ︾ ᠪᠠᠷ ᠭᠤᠤᠯ ᠰᠡᠳᠦᠪ ᠪᠣᠯᠭᠠᠵᠠᠶ᠃ | ᠣᠶᠢᠷ᠎ᠠ ᠶᠢᠨ ᠵᠢᠯ ᠳᠤ᠂ ᠮᠠᠨ ᠤ ᠤᠯᠤᠰ ᠤᠨ ᠲᠠᠮᠠᠬᠢ ᠬᠢᠵᠠᠭᠠᠷᠯᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ | ᠦᠷᠭᠦᠯᠵᠢᠯᠡᠨ ᠥᠷᠭᠡᠳᠴᠦ᠂ ᠲᠠᠮᠠᠬᠢ ᠶᠢᠨ ᠬᠤᠤᠷ ᠬᠥᠨᠥᠭᠡᠯ ᠤᠨ ᠲᠤᠬᠠᠶ ᠣᠯᠠᠨ ᠨᠡᠶᠢᠲᠡ ᠶᠢᠨ ᠲᠠᠨᠢᠯᠲᠠ | ᠢᠯᠡᠳᠲᠡ ᠳᠡᠭᠡᠭᠰᠢᠯᠡᠪᠡ᠃ ᠪᠠᠶᠢᠴᠠᠭᠠᠯᠲᠠ ᠶᠢᠨ ᠳ᠋ᠦᠩ ᠳᠤ ᠬᠠᠷᠠᠭᠤᠯᠤᠬᠰᠡᠨ ᠢᠶᠠᠷ᠂ 63.9% ᠶᠢᠨ | ᠪᠠᠶᠢᠴᠠᠭᠠᠭᠳᠠᠭᠴᠢ ᠥᠩᠭᠡᠷᠡᠭᠰᠡᠨ 30 ᠡᠳᠦᠷ ᠤᠨ ᠳᠣᠲᠣᠷ᠎ᠠ ᠲᠠᠮᠠᠬᠢ ᠬᠢᠵᠠᠭᠠᠷᠯᠠᠬᠤ ᠮᠡᠳᠡᠭᠡ ᠵᠠᠩᠭᠢ ᠶᠢ ᠣᠯᠵᠤ | ᠦᠵᠡᠪᠠ᠃ ᠥᠩᠭᠡᠷᠡᠭᠰᠡᠨ ᠤ 30 ᠡᠳᠦᠷ ᠤᠨ ᠳᠣᠲᠣᠷ᠎ᠠ ᠢᠨᠲ᠋ᠧᠷ ᠰᠦᠯᠵᠢᠶᠡᠨ ᠳᠡᠭᠡᠷ᠎ᠡ ᠠᠴᠠ ᠣᠯᠵᠤ ᠦᠵᠡᠭᠰᠡᠨ | ᠲᠠᠮᠠᠬᠢ ᠬᠢᠵᠠᠭᠠᠷᠯᠠᠬᠤ ᠮᠡᠳᠡᠭᠡ ᠵᠠᠩᠭᠢ ᠶᠢᠨ ᠬᠠᠷᠢᠴᠠᠯ ᠨᠢ 40.1% ᠪᠠᠶᠢᠵᠤ᠂ 2022 ᠣᠨ ᠤ ᠬᠢ ᠠᠴᠠ ᠵᠠᠭᠤᠨ | ᠬᠠᠷᠢᠴᠠᠯ ᠢᠶᠠᠷ 5.1 ᠬᠤᠪᠢ ᠳᠡᠭᠡᠭᠰᠢᠯᠡᠵᠡᠶ᠃ 28.3% ᠶᠢᠨ ᠪᠠᠶᠢᠴᠠᠭᠠᠬᠳᠠᠬᠴᠢ ᠲᠠᠮᠠᠬᠢ ᠲᠠᠲᠠᠬᠤ ᠨᠢ | ᠠᠭᠤᠰᠭᠢᠨ ᠥᠮᠡᠨ᠂ ᠵᠢᠷᠦᠬᠡᠨ ᠡᠪᠡᠳᠴᠢᠨ᠂ ᠰᠠ ᠡᠪᠡᠳᠴᠢᠨ ᠪᠠ ᠡᠷ᠎ᠡ ᠪᠡᠯᠭᠡ ᠶᠢᠨ ᠰᠤᠯᠠᠷᠠᠯ ᠢ ᠡᠭᠦᠰᠭᠡᠬᠦ ᠶᠢ | ᠤᠶᠢᠯᠠᠭᠠᠨ ᠮᠡᠳᠡᠵᠤ᠂ 2022 ᠣᠨ ᠤ ᠬᠢ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 8.2 ᠬᠤᠪᠢ | ᠳᠡᠭᠡᠭᠰᠢᠯᠡᠵᠡᠶ᠃ 44.2% ᠤᠨ ᠪᠠᠶᠢᠴᠠᠭᠠᠭᠳᠠᠭᠴᠢ ᠲᠠᠮᠠᠬᠢᠨ ᠤᠳᠤᠭ᠎ᠠ ᠨᠢ ᠠᠭᠤᠰᠭᠢᠨ ᠤ ᠥᠮᠡᠨ᠂ ᠬᠡᠦᠬᠡᠳ ᠤᠨ | ᠠᠭᠤᠰᠭᠢᠨ ᠤ ᠡᠪᠡᠳᠴᠢᠨ ᠪᠠ ᠨᠠᠰᠤᠨ ᠳᠤ ᠬᠦᠷᠦᠭᠰᠡᠳ ᠤᠨ ᠵᠢᠷᠦᠬᠡᠨ ᠡᠪᠡᠳᠴᠢᠨ ᠢ ᠡᠭᠦᠰᠭᠡᠬᠦ ᠶᠢ ᠤᠶᠢᠯᠠᠭᠠᠨ | ᠮᠡᠳᠡᠵᠤ᠂ 2022 ᠣᠨ ᠤ ᠬᠢ ᠠᠴᠠ ᠵᠠᠭᠤᠨ ᠤ ᠬᠠᠷᠢᠴᠠᠯ ᠢᠶᠠᠷ 7.1 ᠬᠤᠪᠢ ᠳ᠋ᠡᠭᠡᠭᠰᠢᠯᠡᠵᠡᠶ᠃ | ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠤᠯᠤᠰ ᠤᠨ 15 ᠨᠠᠰᠤ ᠵᠢᠴᠢ ᠲᠡᠭᠦᠨ ᠠᠴᠠ | ᠳᠡᠭᠡᠭᠰᠢᠬᠢ ᠨᠠᠰᠤᠨ ᠤ ᠲᠠᠮᠠᠬᠢ ᠲᠠᠲᠠᠬᠰᠡᠳ ᠤᠨ ᠲᠠᠮᠠᠬᠢ ᠲᠡᠳᠠᠬᠤ ᠪᠠᠨ ᠵᠣᠭᠰᠣᠬᠤ ᠨᠣᠷᠮ᠎ᠠ ᠨᠢ 22.6% ᠪᠠᠶᠢᠵᠤ | ᠂ 2022 ᠣᠨ ᠤ ᠬᠢ ᠲᠠᠢ ᠬᠠᠷᠢᠴᠠᠭᠤᠯᠪᠠᠯ᠂ ᠵᠠᠭᠤᠨ ᠤ ᠬᠠᠷᠢᠴᠠᠯ ᠢᠶᠠᠷ 0.2 ᠬᠤᠪᠢ ᠳᠡᠭᠡᠭᠰᠢᠯᠡᠵᠦ᠂ ᠨᠠᠰᠤ ᠨᠢ | ᠬᠡᠳᠦᠶ ᠶᠡᠭᠡ ᠪᠣᠯ ᠲᠠᠮᠠᠬᠢ ᠲᠠᠳᠠᠬᠤ ᠪᠠᠨ ᠵᠣᠭᠰᠣᠬᠤ ᠨᠣᠷᠮ᠎ᠠ ᠨᠢ ᠲᠡᠳᠦᠶ ᠥᠨᠳᠥᠷ ᠪᠠᠶᠢᠳᠠᠭ᠃ ᠡᠭᠦᠨ ᠠᠴᠠ | ᠭᠠᠳᠠᠨ᠎ᠠ᠂ ᠲᠠᠮᠠᠬᠢᠨ ᠤᠳᠤᠭ᠎ᠠ ᠦᠭᠡᠢ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ | ᠦᠷᠭᠦᠯᠵᠢᠯᠡᠨ ᠪᠠᠬᠢᠵᠢᠵᠦ᠂ ᠰᠠᠭᠤᠭᠠᠯᠢ ᠠᠷᠠᠳ ᠤᠨ ᠲᠡᠮᠡᠬᠢᠨ ᠤᠳᠤᠭ᠎ᠠ ᠢᠯᠡᠷᠡᠬᠦ ᠨᠣᠷᠮ᠎ᠠ ᠤᠯᠠᠮ ᠨᠢᠭᠡ ᠠᠯᠬᠤᠮ | ᠪᠠᠭᠤᠷᠠᠪᠠ᠃ ᠣᠯᠠᠨ ᠰᠠᠯᠠᠭ᠎ᠠ ᠮᠥᠴᠢᠷ ᠬᠠᠮᠵᠢᠯᠴᠠᠨ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠤᠨ ᠡᠷᠴᠢᠮ ᠢ | ᠤᠯᠠᠮ ᠨᠢᠭᠡ ᠠᠯᠬᠤᠮ ᠴᠢᠩᠭᠠᠳᠬᠠᠬᠤ ᠶᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠲᠠᠮᠠᠬᠢ ᠲᠠᠲᠠᠬᠤ ᠶᠢ | ᠬᠢᠵᠠᠭᠠᠷᠯᠠᠬᠤ ᠶᠢ ᠳᠡᠮᠵᠢᠬᠦ ᠠᠭᠤᠷ ᠠᠮᠢᠰᠬᠤᠯ ᠡᠳᠦᠷ ᠢᠷᠡᠬᠦᠶ᠎ᠡ ᠥᠳᠭᠡᠷᠡᠵᠦ ᠪᠤᠢ᠃ | ᠲᠣᠰ ᠪᠠᠶᠢᠴᠠᠭᠠᠯᠲᠠ ᠶᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ | ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠶᠤᠮ᠂ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠤᠯᠤᠰ ᠤᠨ ᠲᠠᠰ ᠳᠠᠪᠬᠤᠷᠭ᠎ᠠ ᠶᠢᠨ | ᠮᠡᠷᠭᠡᠵᠢᠯ ᠤᠨ ᠵᠢᠯᠣᠭᠤᠳᠬᠤ ᠠᠵᠢᠯ ᠢ ᠡᠭᠦᠷᠭᠡᠯᠡᠪᠠ᠃ ᠲᠣᠰ ᠪᠠᠶᠢᠴᠠᠭᠠᠯᠲᠠ ᠨᠢ ᠡᠷᠦᠬᠡ ᠳᠤ ᠣᠷᠣᠬᠤ ᠬᠡᠯᠪᠡᠷᠢ ᠶᠢ | ᠠᠪᠴᠤ᠂ ᠪᠠᠶᠢᠴᠠᠭᠠᠭᠴᠢ ᠠᠴᠠ ᠨᠢᠭᠤᠷᠲᠠᠨ ᠯᠠᠪᠯᠠᠨ ᠠᠰᠠᠭᠤᠬᠤ ᠠᠷᠭ᠎ᠠ ᠪᠠᠷ ᠳᠠᠮᠵᠢᠭᠤᠯᠤᠨ ᠲᠤᠭ᠎ᠠ ᠪᠠᠷᠢᠮᠲᠠ | ᠴᠤᠭᠯᠠᠭᠤᠯᠵᠤ᠂ ᠪᠥᠬᠦ ᠤᠯᠤᠰ ᠤᠨ 320 ᠬᠢᠨᠠᠨ ᠬᠡᠮᠵᠢᠬᠦ ᠴᠡᠭ ︵ᠰᠢᠶᠠᠨ᠂ ᠲᠣᠭᠤᠷᠢᠭ᠂ ᠬᠤᠲᠠ᠂ ᠬᠤᠰᠢᠭᠤ᠂ | ᠡᠪᠯᠡᠯ︶ ᠢ ᠬᠠᠮᠤᠷᠴᠤ᠂ ᠪᠠᠶᠢᠴᠠᠭᠠᠬᠤ ᠶᠠᠪᠤᠴᠠ ᠳᠤ ᠶᠠᠰᠤ ᠴᠢᠨᠠᠷ ᠢ ᠡᠵᠡᠮᠳᠡᠬᠦ ᠴᠢᠩᠭ᠎ᠠ ᠠᠷᠭ᠎ᠠ ᠬᠡᠮᠵᠢᠶ᠎ᠡ ᠠᠪᠴᠤ᠂ | ᠬᠦᠴᠦᠨ ᠪᠥᠬᠦᠶ ᠠᠰᠠᠭᠤᠯᠲᠠ ᠶᠢᠨ ᠬᠠᠭᠤᠳᠠᠰᠤ ᠶᠢ ᠨᠡᠶᠢᠲᠡ 199684 ᠬᠤᠪᠢ ᠪᠡᠶᠡᠯᠡᠭᠦᠯᠪᠡ᠃ ︵︽ᠳᠤᠮᠳᠠᠳᠤ | ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠰᠦᠯᠵᠢᠶ᠎ᠠ︾ ᠠᠴᠠ ᠰᠢᠯᠵᠢᠬᠦᠯᠪᠡ︶ |