ᠬᠠᠷᠢᠶ᠎ᠠ ᠣᠷᠣᠨ ᠤ ᠺᠡᠳ᠋ᠷ ᠠᠵᠢᠯᠳᠡᠨ ᠤ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠨ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠡᠯ ᠵᠡᠷᠭᠡ ᠲᠥᠪ ᠪᠤᠰᠤ ᠰᠤᠷᠲᠠᠯ ᠢ ᠡᠷᠡᠰ ᠬᠤᠷᠢᠭᠯᠠᠬᠤ ᠶᠢᠨ ᠲᠥᠯᠥᠭᠡ᠂ | 6 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠶᠢᠨ ᠷᠠᠰᠢᠶᠠᠨ ᠲᠣᠰᠬᠤᠨ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠤᠨ ᠲᠤᠬᠠᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠬᠤᠷᠠᠯᠳᠤᠭᠤᠯᠪᠠ᠃ ᠨᠠᠮ ᠤᠨ ᠲᠦᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ᠨᠠᠮ ᠤᠨ ᠭᠡᠰᠢᠭᠦᠨ | ᠺᠠᠳ᠋ᠷᠴᠤᠳ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠡᠯ ᠤᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠵᠦ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ | ᠠᠵᠢᠯᠯᠠᠬᠤ ᠠᠩᠬᠢ ᠵᠢᠴᠢ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ᠲᠣᠰᠬᠤᠨ ᠤ ᠨᠠᠮ ᠤᠨ ᠡᠭᠦᠷ ᠤᠨ ᠱᠦᠵᠢ ᠳᠡᠭᠡᠳᠦ ᠱᠠᠲᠤᠨ ᠤ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠬᠠᠮᠢᠶ᠎ᠠ ᠪᠦᠬᠦᠢ ᠬᠤᠷᠠᠯ ᠤᠨ ᠱᠠᠭᠠᠷᠳᠠᠯᠭ᠎ᠠ ᠶᠢ ᠤᠯᠠᠮᠵᠢᠯᠠᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠪᠠᠭ᠎ᠠ ᠶᠠᠪᠤᠳᠠᠯ ᠪᠢᠰᠢ᠂ ᠬᠠᠷᠢᠨ ᠨᠠᠮ ᠤᠨ ᠰᠤᠷᠲᠠᠯ | ᠵᠠᠰᠠᠭ ᠤᠨ ᠰᠤᠷᠲᠠᠯ ᠢ ᠬᠦᠨᠳᠦ ᠨᠣᠴᠢᠲᠠᠢ ᠨᠥᠯᠥᠭᠡᠯᠡᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ | ᠬᠠᠷᠢᠴᠠᠭ᠎ᠠ ᠶᠢ ᠡᠪᠳᠡᠵᠦ ᠪᠠᠶᠢᠭ᠎ᠠ ᠶᠠᠪᠣᠳᠡᠯ ᠪᠣᠯᠣᠨ᠎ᠠ᠂ ᠨᠠᠮ ᠤᠨ ᠠᠷᠠᠳ ᠤᠯᠠᠨ ᠤ ᠰᠡᠳᠬᠢᠯ ᠳᠠᠬᠢ ᠲᠦᠷᠢ | ᠲᠥᠷᠬᠦ ᠲᠠᠢ ᠬᠤᠯᠪᠣᠭᠳᠠᠬᠤ ᠶᠠᠪᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠪᠥᠬᠦ | ᠨᠠᠮ ᠤᠨ ᠭᠡᠰᠢᠭᠦᠳ ᠡᠷᠬᠡᠪᠰᠢ ᠪᠠᠶᠢᠳᠠᠯ ᠢ ᠲᠣᠳᠣᠷᠬᠠᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠦᠨ᠂ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠡᠢ᠃ | ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠲᠣᠳᠣᠷᠬᠠᠢ | ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ | ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠡᠯ᠎ᠡ ᠵᠦᠢᠯ ᠤᠨ ᠰᠠᠬᠢᠯᠭ᠎ᠠ ᠪᠠᠲᠤ ᠶᠢᠨ | ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠡᠳᠦᠷ ᠲᠤᠳᠤᠮ ᠤᠨ ᠠᠵᠢᠯ | ᠪᠣᠯᠤᠨ ᠠᠮᠢᠳᠤᠷᠠᠯ ᠤᠨ ᠳᠤᠮᠳᠠ ᠴᠠᠭ ᠢᠮᠠᠭᠲᠠ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠬᠤ | ᠬᠡᠷᠡᠭᠲᠡᠢ᠃ ᠬᠤᠶᠠᠷ ᠲᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠬᠦᠰᠡᠯᠡᠩ ᠢᠲᠡᠭᠡᠯ | ᠵᠣᠷᠢᠭ ᠢᠶᠠᠨ ᠪᠠᠲᠤᠳᠬᠠᠵᠤ᠂ ᠵᠥᠪ ᠦᠷᠳᠡᠭ ᠤᠨ ᠦᠵᠡᠯᠲᠡ ᠪᠠ ᠡᠷᠬᠡ ᠶᠢᠨ ᠦᠵᠡᠯᠲᠡ ᠶᠢ ᠪᠤᠢ ᠪᠣᠯᠭᠠᠵᠤ᠂ | ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠡᠷᠡᠰ ᠬᠤᠷᠢᠭᠯᠠᠵᠤ᠂ ᠨᠠᠮ ᠤᠨ ᠭᠡᠰᠢᠭᠦᠨ | ᠺᠠᠳ᠋ᠷᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠭᠤᠷᠪᠠ ᠳᠤ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠲᠣᠰᠬᠤᠨ ᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠵᠢᠱᠢᠶᠡᠴᠢ | ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢᠨ ᠬᠠᠮᠲᠤ ᠳᠡᠷᠭᠡᠳᠡᠬᠢ ᠠᠵᠢᠯᠳᠠᠨ ᠪᠣᠯᠤᠨ ᠲᠦᠷᠦᠯ ᠰᠠᠳᠤᠨ ᠤ | ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠳᠤ | ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠪᠦᠬᠦ ᠠᠷᠠᠳ ᠢᠶᠠᠷ ᠢᠶᠠᠨ ᠬᠢᠨᠠᠯᠲᠠ ᠲᠠᠯᠪᠢᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠡᠢ᠃ | ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ | ᠠᠰᠠᠭᠤᠳᠡᠯ ᠤᠨ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠬᠤᠶᠢᠰᠢᠳᠠ ᠠᠷᠢᠭᠤᠨ ᠴᠢᠬᠡᠴᠢ ᠪᠠᠷ | ᠪᠡᠶ᠎ᠡ ᠪᠠᠨ ᠪᠠᠷᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠣᠰ ᠪᠡᠶ᠎ᠡ ᠶᠢᠨ ᠦᠢᠯᠡ ᠠᠵᠢᠯᠯᠠᠭ᠎ᠠ ᠪᠠᠨ | ᠴᠢᠩᠭ᠎ᠠ ᠬᠢᠵᠠᠭᠠᠷᠯᠠᠵᠤ᠂ ᠨᠠᠩ ᠡᠷᠡᠰ ᠪᠠᠲᠤ ᠵᠣᠷᠢᠭ ᠪᠠ ᠪᠣᠳᠠᠲᠤ ᠠᠵᠢᠯᠯᠠᠭ᠎ᠠ ᠪᠠᠷ ᠢᠶᠠᠨ ᠷᠠᠰᠢᠶᠠᠨ ᠲᠣᠰᠬᠤᠨ ᠳᠤ | ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠬᠦᠴᠦᠨ ᠨᠡᠮᠡᠷᠢᠯᠡᠨ᠎ᠠ᠃ |