ᠬᠠᠷᠢᠶ᠎ᠠ ᠣᠷᠣᠨ ᠤ ᠰᠠᠭᠤᠭᠠᠯᠢ ᠠᠷᠡᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠬᠴᠠᠯᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶᠢᠷᠡᠭᠦᠯᠦᠨ᠂ ᠡᠶ᠎ᠡ ᠵᠣᠬᠢᠴᠠᠯ ᠲᠠᠢ ᠬᠠᠮᠲᠤ ᠪᠠᠷ ᠠᠭᠤᠰᠤᠯᠴᠠᠭᠰᠠᠨ ᠨᠡᠶᠢᠭᠡᠮ ᠲᠣᠭᠤᠷᠢᠭ ᠤᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ | ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ ︽ ᠪᠠᠭᠠᠴᠣᠳ ᠬᠡᠣᠬᠡᠳ ᠪᠦᠯᠬᠦᠮᠳᠡᠯ ᠤᠨ ᠬᠦᠭᠵᠢᠮ ᠢ ᠴᠢᠪᠬᠠᠳᠡᠵᠣ᠂ ᠨᠡᠶᠢᠭᠡᠮ ᠲᠣᠭᠤᠷᠢᠭ | ᠬᠠᠮᠳᠣᠪᠡᠷ ᠪᠦᠯᠬᠦᠮᠳᠡᠯ ᠤᠨ ᠦᠷ᠎ᠡ ᠶᠢ ᠰᠠᠴᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠰᠠᠶᠢᠨ ᠳᠤᠷᠡᠴᠣᠣᠯ ᠬᠤᠪᠢᠰᠬᠠᠯ ᠤᠨ ᠰᠣᠩᠭᠤᠳᠠᠭ ᠥᠯᠢᠭᠡᠷ ᠢ | ᠶᠠᠷᠢᠵᠣ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠦᠰᠡᠯᠡᠩ ᠢᠲᠡᠭᠡᠯ ᠪᠢᠰᠢᠷᠡᠯ ᠤᠨ ᠲᠥᠯᠥᠭᠡ | ᠬᠠᠯᠠᠭᠤᠨ ᠴᠢᠰᠤ ᠪᠠᠨ ᠤᠷᠤᠰᠬᠠᠵᠤ᠂ ᠪᠠᠭᠠᠲᠤᠷᠴᠣᠳ ᠤᠨ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠳᠤ | ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠬᠠᠷᠠᠮ ᠦᠭᠡᠢ ᠵᠣᠷᠢᠭᠤᠯᠬᠤ ᠬᠦᠷᠲᠡᠯ᠎ᠡ ᠶᠠᠭ ᠯᠠ ᠲᠡᠦᠬᠡ ᠶᠢᠨ | ᠵᠢᠷᠤᠭ ᠰᠢᠭ᠋ ᠤᠯᠠᠨ ᠤ ᠨᠢᠳᠦᠨ ᠡᠮᠦᠨ᠎ᠡ ᠳᠡᠯᠭᠡᠭᠰᠡᠨ ᠰᠢᠭ᠋᠃ ᠳᠠᠷᠠᠭ᠎ᠠ ᠨᠢ᠂ ᠬᠡᠦᠬᠡᠳ ᠤᠨ ᠲᠣᠭᠯᠠᠯᠲᠠ ︽ | ᠳᠤᠮᠳᠠᠳᠤ ᠪᠠᠨ ᠬᠠᠶᠢᠷᠠᠯᠠᠨ᠎ᠠ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠵᠡᠷᠭᠡ ᠳᠠᠭᠤᠤ ᠬᠦᠭᠵᠢᠮ ᠨᠢ | ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠠᠢ ᠤᠨ ᠨᠢᠭᠡᠨ ᠬᠢᠯᠡᠰ ᠴᠡᠭ ᠪᠣᠯᠵᠡᠢ᠃ | ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠬᠤᠪᠢᠰᠬᠠᠯ ᠤᠨ ᠦᠯᠢᠭᠡᠷ ᠢᠶᠠᠷ ᠬᠤᠯᠪᠣᠭᠠᠰᠤ ᠪᠣᠯᠭᠠᠨ᠂ | ᠬᠡᠦᠬᠡᠳ ᠤᠨ ᠨᠠᠶᠢᠷᠠᠯ ᠳᠠᠭᠤᠤ ᠪᠠᠷ ᠬᠥᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ |