ᠬᠠᠷᠢᠶ᠎ᠠ ᠣᠷᠣᠨ ᠤ ᠰᠠᠭᠤᠭᠠᠯᠢ ᠠᠷᠡᠳ ᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ | ᠰᠤᠷᠲᠠᠯ ᠢ ᠪᠠᠳᠠᠷᠠᠭᠤᠯᠵᠤ᠂ ᠰᠢᠯᠢᠳᠡᠭ ᠰᠠᠶᠢᠨ ᠭᠡᠷ ᠤᠨ ᠰᠤᠷᠲᠠᠯ ᠰᠤᠷᠭᠠᠯ ᠢ ᠤᠯᠠᠮᠵᠢᠯᠠᠨ ᠵᠠᠯᠭᠠᠮᠵᠢᠯᠠᠵᠤ᠂ ᠡᠶ᠎ᠡ | ᠵᠣᠬᠢᠴᠠᠩᠭᠤᠢ ᠪᠣᠯᠪᠠᠰᠤᠨ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 6 | ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ︽ | ᠭᠡᠷ ᠤᠨ ᠰᠤᠷᠲᠠᠯ ᠰᠤᠷᠭᠠᠯ ᠢᠶᠠᠷ ᠨᠡᠶᠢᠭᠡᠮ ᠲᠣᠭᠤᠷᠢᠭ ᠢᠶᠠᠨ ᠴᠢᠮᠡᠭᠯᠡᠶᠠ︾ ᠭᠡᠬᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠳᠤ᠂ ᠾᠧ ᠪᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠭᠡᠷ ᠤᠨ ᠰᠤᠷᠲᠠᠯ | ᠰᠤᠷᠭᠠᠯ ᠤᠨ ᠲᠡᠦᠬᠡ ᠶᠢᠨ ᠡᠬᠢ ᠰᠤᠷᠪᠤᠯᠵᠢ᠂ ᠰᠣᠶᠣᠯ ᠤᠨ ᠠᠭᠤᠯᠤᠭᠳᠠᠬᠤᠨ ᠵᠢᠴᠢ ᠣᠳᠣ ᠦᠶ᠎ᠡ ᠶᠢᠨ | ᠨᠡᠶᠢᠭᠡᠮ ᠳᠤ ᠲᠠᠯᠪᠢᠭᠰᠠᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ | ᠡᠷᠲᠡ ᠡᠳᠦᠭᠡ ᠶᠢᠨ ᠳᠤᠮᠳᠠᠳᠤ ᠭᠠᠳᠠᠭᠠᠳᠤ ᠶᠢᠨ ᠭᠡᠷ ᠤᠨ ᠰᠤᠷᠲᠠᠯ ᠰᠤᠷᠭᠠᠯ ᠤᠨ ᠲᠣᠬᠠᠢ ᠥᠯᠢᠭᠡᠷ ᠢ ᠶᠠᠷᠢᠵᠣ᠂ | ᠰᠠᠭᠤᠭᠠᠯᠢ ᠠᠷᠠᠳ ᠲᠤ ᠰᠠᠶᠢᠨ ᠰᠠᠶᠢᠬᠠᠨ ᠭᠡᠷ ᠤᠨ ᠰᠤᠷᠲᠠᠯ ᠰᠤᠷᠭᠠᠯ ᠤᠨ ᠬᠤᠪᠢ ᠬᠥᠮᠦᠨ ᠤ ᠦᠰᠦᠨ ᠪᠤᠶᠢᠵᠢᠯᠲᠠ | ᠂ ᠭᠡᠷ ᠪᠦᠯᠢ ᠶᠢᠨ ᠡᠶ᠎ᠡ ᠵᠣᠬᠢᠴᠠᠯ ᠵᠢᠴᠢ ᠨᠡᠶᠢᠭᠡᠮ ᠤᠨ ᠡᠶ᠎ᠡ ᠵᠣᠬᠢᠴᠠᠯ ᠳᠤ ᠦᠵᠡᠭᠦᠯᠬᠦ ᠴᠢᠬᠤᠯᠠ ᠦᠢᠯᠡᠳᠦᠯ ᠢ | ᠭᠦᠨᠵᠡᠭᠡᠶ ᠲᠠᠨᠢᠯᠴᠠᠭᠤᠯᠪᠠ᠃ | ᠤᠬᠠᠭᠤᠯᠤᠨ ᠲᠠᠶᠢᠯᠪᠤᠷᠢᠯᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ | ᠰᠠᠶᠢᠨ ᠳᠣᠷᠡᠴᠣᠣᠯ ᠣᠯᠠᠨ ᠳᠤᠭᠤᠶᠢᠯᠠᠩ ᠬᠤᠪᠢᠶᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷ ᠢᠶᠠᠷ | ᠭᠦᠨᠵᠡᠭᠡᠶᠢᠷᠡᠨ ᠡᠷᠦᠬᠡ ᠳᠤ ᠣᠷᠣᠵᠤ ᠤᠬᠠᠭᠤᠯᠠᠭᠠ ᠬᠢᠵᠡᠢ᠃ ᠰᠠᠭᠤᠭᠠᠯᠢ ᠠᠷᠠᠳ ᠲᠤ ᠭᠡᠷ ᠤᠨ ᠰᠤᠷᠲᠠᠯ | ᠰᠤᠷᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠵᠤ᠂ | ᠰᠠᠭᠤᠭᠠᠯᠢ ᠠᠷᠠᠳ ᠤᠨ ᠭᠡᠷ ᠤᠨ ᠰᠤᠷᠲᠠᠯ ᠰᠤᠷᠭᠠᠯ ᠤᠨ ᠲᠤᠬᠠᠢ ᠲᠠᠨᠢᠯᠲᠠ ᠪᠠ ᠦᠵᠡᠯᠲᠡ ᠶᠢ ᠲᠡᠭᠡᠭᠰᠢᠯᠠᠬᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠤᠬᠠᠭᠤᠯᠤᠨ ᠲᠠᠶᠢᠯᠪᠤᠷᠢᠯᠠᠬᠤ ᠪᠠ ᠡᠷᠦᠬᠡ ᠪᠠᠷ ᠣᠷᠣᠵᠤ ᠤᠬᠠᠭᠤᠯᠬᠤ ᠶᠢ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠡᠷ ᠤᠨ ᠰᠤᠷᠲᠠᠯ ᠰᠤᠷᠭᠠᠯ ᠤᠨ ᠦᠷ᠎ᠡ ᠶᠢ ᠨᠡᠶᠢᠭᠡᠮ | ᠲᠣᠭᠤᠷᠢᠭ ᠲᠤ ᠰᠠᠴᠤᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠤᠨ ᠰᠤᠷᠲᠠᠯ ᠰᠤᠷᠭᠠᠯ ᠤᠨ | ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ | ᠪᠣᠯᠪᠠᠰᠤᠨ ᠤ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠪᠠ᠃ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠠᠴᠠ᠂ | ᠬᠤᠶᠢᠰᠢᠳᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠡᠷ ᠤᠨ ᠰᠤᠷᠲᠠᠯ ᠰᠤᠷᠭᠠᠯ ᠢ ᠨᠡᠶᠢᠭᠡᠮ | ᠲᠣᠭᠤᠷᠢᠭ ᠤᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠢᠯᠢᠳᠡᠭ ᠰᠠᠶᠢᠨ ᠭᠡᠷ ᠤᠨ | ᠰᠤᠷᠲᠠᠯ ᠰᠤᠷᠭᠠᠯ ᠢ ᠨᠡᠶᠢᠭᠡᠮ ᠲᠣᠭᠤᠷᠢᠭ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠶ᠎ᠡ ᠵᠣᠬᠢᠴᠠᠩᠭᠤᠢ | ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠣᠶᠣᠯ ᠤᠨ ᠰᠠᠭᠤᠷᠢ ᠶᠢ ᠲᠠᠯᠪᠢᠨ᠎ᠠ ᠭᠡᠪᠡ᠃ |