ᠰᠢᠨ ᠴᠸᠡᠭ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠲᠤᠰᠬᠠᠶ ᠴᠡᠭᠴᠡᠯᠡᠨ ᠵᠠᠰᠠᠵᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/13
   ᠬᠠᠷᠢᠶ᠎ᠠ ᠣᠷᠣᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠠᠴᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ᠂ ᠲᠣᠣᠷᠵᠢᠭᠤᠯᠣᠬᠴᠢ ᠶᠢ ᠵᠣᠬᠢᠶᠠᠨ ᠪᠠᠶᠢᠭᠤᠯᠤᠨ ᠲᠤᠰᠬᠠᠶ ᠵᠢᠭᠰᠠᠭᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠡᠳ ᠠᠲᠠᠷ ᠭᠠᠵᠠᠷ ᠢ ᠡᠵᠡᠯᠡᠵᠣ ᠶᠠᠭᠤᠮ᠎ᠠ ᠲᠠᠷᠢᠬᠰᠠᠨ ᠠᠰᠠᠭᠤᠳᠠᠯ ᠢ ᠪᠦᠬᠦᠨ ᠢ ᠬᠢᠨᠠᠨ ᠪᠠᠶᠢᠴᠠᠭᠠᠵᠡᠢ᠃     ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠭᠤᠤᠯ ᠳᠡᠳ᠋ ᠵᠠᠮ ᠳᠠᠭᠠᠤ᠂ ᠭᠤᠤᠯ ᠮᠦᠷᠡᠨ ᠤ ᠰᠠᠪᠠ ᠭᠠᠵᠠᠷ᠂ ᠰᠠᠭᠤᠭᠠᠯᠢ ᠠᠷᠠᠳ ᠤᠨ ᠲᠣᠭᠤᠷᠢᠭ ᠤᠨ ᠡᠷᠬᠢᠨ ᠲᠣᠭᠤᠷᠢᠨ᠂ ᠠᠭᠤᠯᠠᠨ ᠪᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠢᠶᠠᠷ ᠬᠦᠷᠴᠦ᠂ ᠬᠤᠪᠢ ᠪᠠᠷ ᠢᠶᠠᠨ ᠠᠲᠠᠷ ᠬᠠᠭᠠᠯᠪᠤᠷᠢᠯᠠᠬᠰᠠᠨ ᠭᠠᠵᠠᠷ ᠤᠨ ᠪᠣᠳᠠᠲᠠᠶ ᠣᠷᠣᠨ ᠪᠠᠶᠢᠷᠢ᠂ ᠪᠣᠳᠠᠲᠠᠶ ᠲᠠᠯᠠᠪᠠᠶ᠂ ᠡᠷᠬᠡ ᠶᠢᠨ ᠬᠠᠷᠢᠶ᠎ᠠ ᠶᠢᠨ ᠬᠠᠷᠢᠴᠠᠭ᠎ᠠ᠂ ᠲᠠᠷᠢᠮᠠᠯ ᠳᠠᠷᠢᠬᠤ ᠲᠥᠷᠥᠯ ᠬᠡᠯᠪᠡᠷᠢ ᠵᠢᠴᠢ ᠠᠮᠢ ᠠᠬᠤᠶ ᠶᠢ ᠡᠪᠳᠡᠭᠰᠡᠨ ᠬᠡᠮᠵᠢᠶ᠎ᠡ ᠵᠡᠷᠭᠡ ᠮᠡᠳᠡᠭᠡ ᠵᠠᠩᠭᠢ ᠶᠢ ᠨᠢᠭᠡᠳ ᠨᠢᠭᠡ ᠪᠠᠷ ᠳᠡᠩᠰᠡᠯᠡᠨ ᠲᠡᠮᠳᠡᠭᠯᠡᠬᠦ ᠶᠢᠨ ᠬᠠᠮᠲᠤ᠂ ︽ᠨᠢᠭᠡ ᠭᠠᠵᠠᠷ ᠲᠤ ᠨᠢᠭᠡ ᠲᠠᠩᠰᠠ ᠡᠪᠬᠡᠮᠡᠯ︾ ᠤᠨ ᠵᠠᠷᠴᠢᠮ ᠶᠣᠰᠣᠭᠠᠷ ᠬᠥᠳᠡᠯᠦᠩᠭᠦᠶ ᠪᠠᠷ ᠡᠯᠧᠺᠲᠷᠣᠨ ᠡᠬᠡ ᠲᠠᠩᠰᠠ ᠶᠢ ᠪᠠᠶᠢᠭᠤᠯᠵᠡᠢ᠃ ᠡᠬᠡ ᠲᠠᠩᠰᠠ ᠳᠤ ᠭᠠᠵᠠᠷ ᠰᠢᠷᠣᠶ ᠶᠢᠨ ᠬᠡᠷᠡᠯ ᠵᠢᠷᠤᠭ᠂ ᠡᠷᠬᠡ ᠶᠢᠨ ᠬᠠᠷᠢᠶᠠᠯᠠᠯ ᠤᠨ ᠬᠥᠮᠦᠨ ᠤ ᠮᠡᠳᠡᠭᠡ ᠵᠠᠩᠭᠢ᠂ ᠲᠠᠷᠢᠮᠠᠯ ᠤᠨ ᠲᠥᠷᠥᠯ ᠬᠡᠯᠪᠡᠷᠢ ᠵᠡᠷᠭᠡ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠨᠠᠷᠢᠨ ᠲᠡᠮᠳᠡᠭᠯᠡᠵᠦ᠂ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ᠂ ᠲᠤᠭ᠎ᠠ ᠪᠠᠷᠢᠮᠲᠠ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠴᠡᠭᠴᠡᠯᠡᠨ ᠵᠠᠰᠠᠬᠤ ᠠᠵᠢᠯ ᠳᠤ ᠣᠨᠣᠪᠴᠢᠲᠠᠶ ᠦᠨᠳᠦᠰᠦ ᠪᠠᠷᠢᠮᠲᠠ ᠬᠠᠩᠭᠠᠪᠠ᠃     ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠬᠤᠪᠢ ᠪᠠᠷ ᠢᠶᠠᠨ ᠠᠲᠠᠷ ᠬᠠᠭᠠᠯᠪᠤᠷᠢᠯᠠᠭᠰᠠᠨ ᠭᠠᠵᠠᠷ ᠤᠨ ᠣᠳᠣᠬᠢ ᠪᠠᠶᠢᠳᠠᠯ ᠢ ᠲᠣᠳᠣᠷᠬᠠᠶ ᠣᠶᠢᠯᠠᠭᠠᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠲᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠲᠣᠭᠲᠠᠭᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ ᠢ ᠤᠬᠠᠭᠤᠯᠵᠤ᠂ ᠣᠯᠠᠨ ᠲᠦᠮᠡᠨ ᠢ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠲᠣᠭᠲᠠᠭᠠᠯ ᠢ ᠵᠢᠷᠤᠮᠯᠠᠭᠤᠯᠵᠤ᠂ ᠲᠣᠭᠲᠠᠭᠠᠯ ᠠᠴᠠ ᠵᠥᠷᠢᠴᠡᠨ ᠠᠲᠠᠷ ᠬᠠᠭᠠᠯᠪᠤᠷᠢᠯᠠᠬᠰᠠᠨ ᠣᠶᠢᠯᠡ ᠠᠵᠢᠯᠯᠠᠭ᠎ᠠ ᠶᠢ ᠡᠷᠡᠰ ᠬᠤᠷᠢᠭᠯᠠᠭᠰᠠᠨ ᠪᠠᠶᠢᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号