ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠠᠭᠤᠭᠠᠯᠢ ᠠᠷᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ | ᠬᠤᠳᠡ ᠶᠢᠨ ᠰᠢᠨ ᠴᠧᠩ ᠵᠡᠭᠡᠯᠢ ᠾᠧ ᠫᠢᠩ ᠨᠡᠶᠢᠭᠡᠮ ᠲᠣᠭᠤᠷᠢᠭ ᠪᠠᠶᠠᠯᠢᠭ ᠰᠠᠶᠢᠬᠠᠨ᠂ ᠥᠪᠡᠷᠮᠢᠴᠡ | ᠣᠨᠴᠠᠯᠢᠭ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠵᠦ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ | ᠢᠶᠠᠷ ᠪᠢᠯᠬᠠᠵᠣ᠂ ᠢᠯᠡᠳᠲᠡ ᠦᠷ᠎ᠡ ᠪᠦᠲᠦᠮᠵᠢ ᠤᠯᠪᠠ᠃ | ᠠᠵᠢᠯᠯᠠᠭ᠎ᠠ ᠡᠬᠢᠯᠡᠮᠡᠭᠴᠠ᠂ ᠠᠵᠢᠯᠲᠠᠳ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠨᠢ ᠡᠯᠪᠡᠭ | ᠪᠠᠶᠠᠯᠢᠭ ᠨᠠᠷᠢᠨ ᠪᠣᠳᠠᠲᠠᠶ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ | ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠤᠨ ᠲᠠᠨᠢᠯᠴᠠᠭᠤᠯᠭ᠎ᠠ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠦᠢᠯᠡ ᠠᠵᠢᠯᠯᠠᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠶᠢ ᠬᠠᠮᠤᠷᠴᠤ᠂ | ᠪᠠᠰᠠ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠳᠦᠷᠰᠦᠯᠢᠭ ᠵᠢᠷᠤᠭ ᠪᠠ ᠦᠨᠡᠨ ᠪᠣᠳᠠᠲᠠᠶ ᠬᠡᠷᠡᠭ ᠤᠨ | ᠵᠢᠱᠢᠶ᠎ᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢᠨ | ᠭᠦᠨ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠣᠷᠢᠯᠡᠨ | ᠦᠭᠪᠡ᠃ | ᠲᠣᠭᠯᠠᠯᠲᠠ ᠶᠢᠨ ᠲᠠᠯᠠᠪᠡᠢ ᠳᠠᠬᠢ᠂ ᠨᠡᠶᠢᠭᠡᠮ ᠲᠣᠭᠤᠷᠢᠭ ᠤᠨ ᠨᠠᠷᠡᠬᠦᠢ ᠨᠢᠳᠣᠷᠭ᠎ᠠ ᠶᠢᠨ ᠲᠣᠭᠯᠠᠯᠲᠠ ᠨᠢ ᠪᠦᠬᠦ | ᠲᠠᠯᠠᠪᠠᠢ ᠶᠢᠨ ᠲᠥᠪᠯᠡᠷᠡᠯ ᠤᠨ ᠴᠡᠭ ᠪᠣᠯᠵᠠᠢ᠃ ᠭᠤᠶᠢᠳᠠ ᠰᠠᠶᠢᠬᠠᠨ ᠨᠠᠷᠡᠬᠦᠢ ᠨᠢᠳᠣᠷᠭ᠎ᠠ ᠶᠢᠨ ᠲᠣᠭᠯᠠᠯᠲᠠ ᠠᠴᠠ | ᠭᠠᠳᠠᠨ᠎ᠠ᠂ ᠠᠵᠢᠯᠯᠠᠭ᠎ᠠ ᠨᠢ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠬᠴᠠᠯᠠᠬᠤ ᠬᠤᠯᠪᠣᠭᠳᠠᠯ ᠪᠦᠬᠦᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠲᠤᠬᠢᠷᠠᠭᠤᠯᠵᠤ᠂ | ᠰᠠᠭᠤᠭᠠᠯᠢ ᠠᠷᠡᠳ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠲᠠᠨᠢᠯᠲᠠ ᠪᠠ | ᠣᠶᠢᠯᠠᠭᠠᠯᠲᠠ ᠶᠢ ᠪᠦᠲᠦᠮᠵᠢᠲᠡᠶ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠬᠤ ᠶᠢ ᠠᠬᠢᠭᠤᠯᠵᠤ᠂ | ᠡᠶ᠎ᠡ ᠵᠣᠬᠢᠴᠠᠯ ᠲᠠᠢ ᠲᠣᠭᠲᠠᠭᠤᠨ᠂ ᠪᠦᠯᠬᠦᠮᠳᠡᠯ ᠲᠠᠢ ᠨᠥᠬᠦᠷᠰᠡᠭ ᠰᠠᠶᠢᠬᠠᠨ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |