ᠷᠠᠰᠢᠶᠠᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠶᠢᠴᠠᠭᠠᠵᠠᠢ
ᠨᠡᠶᠢᠲᠡᠯᠡᠭᠰᠡᠨ ᠴᠠᠭ᠄
2025/6/17
      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 10 ᠤ ᠡᠳᠦᠷ᠂ ᠷᠠᠰᠢᠶᠠᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠬᠤᠲᠠ ᠶᠢᠨ ᠨᠡᠶᠢᠭᠡᠮ ᠤᠨ ᠠᠵᠢᠯ ᠤᠨ ᠬᠡᠯᠲᠡᠰ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠷᠠᠰᠢᠶᠠᠨ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠪᠠᠷ ᠬᠦᠷᠴᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠪᠠᠶᠢᠴᠠᠭᠠᠯᠳᠠ ᠳᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠠᠵᠢᠯᠲᠠᠨ ᠲᠤᠬᠠᠶ ᠶᠢᠨ ᠭᠠᠵᠠᠷ ᠢᠶᠠᠷ ᠬᠦᠷᠴᠦ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠣᠯᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠪᠠᠭᠲᠠᠭᠠᠭᠰᠠᠨ ᠵᠦᠢᠯᠡᠰ ᠢ ᠨᠠᠷᠢᠨ ᠨᠢᠮᠪᠠᠶ ᠪᠠᠶᠢᠴᠠᠭᠠᠵᠤ᠂ ᠭᠠᠯ ᠤᠨᠲᠠᠷᠠᠭᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ᠂ ᠠᠶᠤᠯ ᠭᠠᠮᠰᠢᠭ ᠠᠴᠠ ᠵᠠᠶᠢᠯᠠᠵᠦ ᠲᠠᠯᠳᠠᠯᠠᠬᠤ ᠵᠢᠭᠠᠯᠳᠠ ᠲᠡᠮᠳᠡᠭ ᠤᠨ ᠪᠦᠷᠢᠨ ᠪᠦᠲᠦᠨ ᠪᠥᠭᠡᠳ ᠪᠦᠲᠦᠮᠵᠢᠲᠡᠶ ᠡᠰᠡᠬᠦ᠂ ᠰᠤᠷᠤᠭᠴᠢᠳ ᠤᠨ ᠬᠤᠭᠤᠯᠠᠨ ᠬᠡᠷ ᠤᠨ ᠠᠷᠢᠭᠤᠨ ᠴᠡᠪᠡᠷ ᠪᠠᠷᠢᠮᠵᠢᠶ᠎ᠠ ᠳᠤ ᠬᠦᠷᠦᠭᠰᠡᠨ ᠡᠰᠡᠬᠦ᠂ ᠨᠤᠭᠤᠭ᠎ᠠ ᠴᠠᠭ᠎ᠠ ᠨᠢ ᠰᠢᠨ᠎ᠡ ᠰᠣᠷᠭᠤᠭ ᠡᠰᠡᠬᠦ ᠵᠡᠷᠭᠡ ᠶᠢ ᠪᠥᠬᠦ ᠲᠠᠯ᠎ᠠ ᠪᠠᠷ ᠣᠶᠢᠯᠠᠭᠠᠪᠠ᠃ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢ ᠰᠠᠨᠠᠭᠤᠯᠪᠠ᠃      ᠷᠠᠰᠢᠶᠠᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠨᠢ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠷᠬᠡ ᠲᠤᠰᠢᠶᠠᠯᠳᠤ ᠰᠠᠯᠠᠭ᠎ᠠ ᠮᠦᠴᠢᠷ ᠲᠠᠢ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠲᠠᠰᠤᠷᠠᠯᠲᠠ ᠥᠬᠡᠶ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠶᠤᠯ ᠲᠦᠭᠰᠢᠬᠦᠷᠢ ᠶᠢᠨ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨᠬᠦ ᠬᠠᠮᠠᠭᠠᠯᠠᠵᠠᠢ᠃ ︵ᠯᠢᠶᠠᠩ ᠵᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号